3 ᠰᠠᠷ᠎ᠠ ᠶᠢᠨ 17 ᠤ ᠡᠳᠦᠷ᠂ ᠮᠠᠨ ᠤ ᠬᠤᠲᠠ ᠮᠥᠩᠭᠦᠨ ᠭᠦᠢᠯᠭᠡᠭᠡ ᠪᠠᠷ ᠲᠡᠮᠦᠷ ᠤᠨ ᠬᠠᠶᠢᠯᠤᠰᠢ ᠶᠢᠨ ᠠᠵᠤ | ᠠᠬᠤᠶᠢᠯᠠᠯ ᠳᠤ ᠦᠢᠯᠡᠴᠢᠯᠡᠬᠦ ᠵᠠᠰᠠᠭ ᠤᠨ ᠣᠷᠳᠣᠨ ᠮᠥᠩᠭᠦᠨ ᠭᠦᠢᠯᠭᠡᠭᠡ ᠠᠵᠤ ᠠᠬᠤᠶᠢᠯᠠᠯ ᠢ ᠵᠣᠯᠭᠠᠭᠤᠯᠬᠤ ᠬᠤᠷᠠᠯ | ᠬᠤᠷᠠᠯᠳᠤᠭᠤᠯᠪᠠ᠃ | ᠬᠤᠲᠠ ᠶᠢᠨ ᠳᠡᠳ᠋ ᠳᠠᠷᠤᠭ᠎ᠠ ᠢᠦᠶ ᠬᠠᠶ ᠴᠧᠩ ᠬᠤᠷᠠᠯ ᠢ ᠡᠷᠭᠢᠯᠡᠪᠡ᠃ ᠵᠠᠮ ᠬᠠᠷᠢᠯᠴᠠᠭᠠᠨ ᠤ ᠪᠠᠩᠬᠢ ᠶᠢᠨ | ᠥᠪᠥᠷ ᠮᠣᠩᠭᠤᠯ ᠤᠨ ᠬᠤᠪᠢᠶᠠᠷᠢ ᠪᠠᠩᠬᠢ ᠶᠢᠨ ᠳᠠᠷᠤᠭ᠎ᠠ ᠮᠧᠩ ᠵᠧᠨ᠂ ᠥᠪᠥᠷ ᠮᠣᠩᠭᠤᠯ ᠤᠨ ᠤᠯᠤᠰ ᠤᠨ | ᠠᠷᠠᠯᠵᠢᠶᠠᠨ ᠤ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠸᠠᠩ ᠯᠢᠨ ᠪᠣᠯᠤᠨ ᠮᠠᠨ ᠤ ᠬᠤᠲᠠ ᠶᠢᠨ 40 | ᠭᠠᠷᠤᠶ ᠲᠡᠮᠦᠷ ᠤᠨ ᠬᠠᠶᠢᠯᠤᠰᠢ ᠶᠢᠨ ᠠᠵᠤ ᠠᠬᠤᠶᠢᠯᠠᠯ ᠤᠨ ᠲᠥᠯᠥᠭᠡᠯᠡᠭᠴᠢ ᠬᠤᠷᠠᠯ ᠳᠤ ᠣᠷᠣᠯᠴᠠᠪᠠ᠃ | ᠬᠤᠷᠠᠯ ᠳᠡᠭᠡᠷ᠎ᠡ᠂ ᠲᠡᠮᠦᠷ ᠤᠨ ᠬᠠᠶᠢᠯᠤᠰᠢ ᠶᠢᠨ ᠠᠵᠤ ᠠᠬᠤᠶᠢᠯᠠᠯ ᠤᠨ ᠲᠥᠯᠥᠭᠡᠯᠡᠭᠴᠢ ᠪᠡᠯᠡ ᠬᠤᠷᠠᠮᠳᠤᠭᠤᠯᠬᠤ | ᠬᠡᠷᠡᠭᠴᠡᠭᠡ ᠶᠢᠨ ᠲᠣᠭᠤᠷᠢᠨ ᠳᠤ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠪᠠ᠃ ᠵᠠᠮ ᠬᠠᠷᠢᠯᠴᠠᠭᠠᠨ ᠤ ᠪᠠᠩᠬᠢ | ᠪᠣᠯᠤᠨ ᠰᠢᠤᠳᠠᠨ ᠤ ᠬᠠᠳᠠᠭᠠᠯᠠᠮᠵᠢ ᠶᠢᠨ ᠪᠠᠩᠬᠢ ᠶᠢᠨ ᠲᠥᠯᠥᠭᠡᠯᠡᠭᠴᠢ ᠲᠡᠮᠦᠷ ᠤᠨ ᠬᠠᠶᠢᠯᠤᠰᠢ ᠶᠢᠨ ᠠᠵᠤ | ᠠᠬᠤᠶᠢᠯᠠᠯ ᠤᠨ ᠠᠷᠠᠯᠵᠢᠶᠠᠨ ᠤ ᠪᠡᠯᠡ ᠲᠣᠬᠢᠷᠠᠭᠤᠯᠭ᠎ᠠ ᠶᠢᠨ ᠲᠦᠷᠦ ᠶᠢᠨ ᠪᠤᠳᠤᠯᠭ᠎ᠠ᠂ ᠦᠢᠯᠡᠳᠬᠦᠨ ᠤ ᠣᠨᠴᠠᠯᠢᠭ | ᠵᠡᠷᠭᠡ ᠶᠢ ᠨᠠᠷᠢᠨ ᠲᠠᠨᠢᠯᠴᠠᠭᠤᠯᠪᠠ᠃ | ᠣᠶᠢᠯᠠᠭᠠᠭᠰᠠᠨ ᠢᠶᠠᠷ᠂ ᠲᠣᠰ ᠤᠳᠠᠭᠠᠨ ᠤ ᠬᠤᠷᠠᠯ ᠤᠨ ᠵᠣᠷᠢᠯᠭ᠎ᠠ ᠨᠢ ᠶᠡᠷᠦᠩᠬᠡᠶ ᠱᠦᠵᠢ ᠰᠢ ᠶᠢᠨ ᠫᠢᠩ ᠤᠨ | ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ | ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠠᠵᠤ | ᠠᠬᠤᠶᠢᠯᠠᠯ ᠢ ᠲᠤᠰᠠᠯᠠᠬᠤ ᠠᠵᠢᠯᠯᠠᠭ᠎ᠠ ᠶᠢ ᠪᠣᠳᠠᠲᠠᠶ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ | ᠠᠬᠢᠭᠤᠯᠬᠤ ᠶᠢᠨ ᠲᠥᠯᠥᠭᠡ ᠶᠤᠮ᠃ ᠬᠤᠷᠠᠯ ᠠᠴᠠ ᠵᠠᠰᠠᠭ ᠤᠨ ᠣᠷᠳᠣᠨ ᠤ ᠡᠭᠦᠷᠭᠡ ᠴᠢᠳᠠᠪᠬᠢ ᠶᠢᠨ ᠦᠢᠯᠡᠳᠦᠯ ᠢ | ᠭᠦᠢᠴᠡᠳ ᠪᠠᠳᠠᠷᠠᠭᠤᠯᠵᠤ᠂ ᠮᠥᠩᠭᠦᠨ ᠭᠦᠢᠯᠭᠡᠭᠡ ᠠᠵᠤ ᠠᠬᠤᠶᠢᠯᠠᠯ ᠢ ᠵᠣᠯᠭᠠᠭᠤᠯᠬᠤ ᠲᠠᠪᠴᠠᠩ ᠢ ᠢᠳᠡᠪᠬᠢᠲᠡᠢ | ᠪᠠᠶᠢᠭᠤᠯᠵᠤ᠂ ᠪᠡᠯᠡ ᠮᠥᠩᠭᠦ ᠶᠢᠨ ᠬᠠᠩᠭᠠᠯᠭ᠎ᠠ ᠬᠡᠷᠡᠭᠴᠡᠭᠡ ᠬᠤᠶᠠᠷ ᠲᠠᠯ᠎ᠠ ᠶᠢᠨ ᠭᠦᠨᠵᠡᠭᠡᠢ ᠬᠠᠮᠲᠤᠷᠠᠯᠴᠠᠭ᠎ᠠ ᠶᠢ | ᠠᠬᠢᠭᠤᠯᠵᠤ᠂ ᠣᠷᠣᠨ ᠨᠤᠲᠤᠭ ᠤᠨ ᠠᠵᠤ ᠠᠬᠤᠢ᠂ ᠮᠥᠩᠭᠦᠨ ᠭᠦᠢᠯᠭᠡᠭᠡᠨ ᠤ ᠲᠦᠭᠡᠮᠡᠯ ᠬᠠᠷᠠᠭᠠᠯᠵᠠᠯ ᠪᠠ | ᠲᠡᠮᠦᠷ ᠤᠨ ᠬᠠᠶᠢᠯᠤᠰᠢ ᠶᠢᠨ ᠠᠵᠢᠯ ᠲᠦᠷᠦᠯ ᠤᠨ ᠬᠥᠭᠵᠢᠯᠲᠡ ᠶᠢᠨ ᠬᠠᠷᠢᠯᠴᠠᠨ ᠠᠰᠢᠭᠲᠠᠢ ᠬᠠᠮᠲᠤᠪᠠᠷ ᠠᠰᠢᠭ | ᠬᠦᠷᠳᠡᠬᠦ ᠶᠢ ᠪᠡᠶᠡᠯᠡᠭᠦᠯᠵᠦ᠂ ᠮᠠᠨ ᠤ ᠬᠤᠳᠠ ᠶᠢᠨ ᠲᠡᠮᠦᠷ ᠤᠨ ᠬᠠᠶᠢᠯᠤᠰᠢ ᠶᠢᠨ ᠤᠨᠴᠠᠯᠢᠬᠳᠤ ᠳᠠᠪᠠᠭᠤᠯᠢᠭ ᠠᠵᠤ | ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠲᠡᠢ ᠪᠠᠲᠤᠯᠠᠭ᠎ᠠ ᠬᠠᠩᠭᠠᠪᠠ᠃ | | ᠣᠷᠴᠢᠭᠤᠯᠤᠭᠴᠢ᠄ ᠭᠤᠸ᠎ᠠ | ᠬᠢᠨᠠᠭᠴᠢ᠄ ᠠᠷᠢᠭᠤᠨ | |