| | ᠬᠥᠮᠦᠨ ᠬᠡᠷᠡᠭᠯᠡᠬᠦ ᠨᠢᠭᠡᠴᠢ ᠶᠢᠨ ᠠᠵᠢᠯ ᠮᠡᠷᠭᠡᠵᠢᠯ ᠤᠨ ᠡᠷᠡᠭᠦᠯ ᠬᠠᠮᠠᠭᠠᠯᠠᠯ ᠤᠨ ᠬᠠᠮᠢᠶᠠᠷᠤᠯᠲᠠ ᠶᠢᠨ ᠬᠢᠷᠢ | ᠲᠦᠪᠰᠢᠨ ᠢ ᠴᠢᠩᠭᠠᠳᠬᠠᠵᠤ᠂ ᠬᠥᠳᠡᠯᠮᠦᠷᠢᠴᠢᠳ ᠤᠨ ᠠᠵᠢᠯ ᠮᠡᠷᠭᠡᠵᠢᠯ ᠤᠨ ᠡᠷᠡᠭᠦᠯ ᠮᠡᠨᠳᠦ ᠶᠢᠨ ᠡᠷᠬᠡ ᠠᠰᠢᠭ ᠢ | ᠦᠨᠡᠨ ᠬᠦ ᠪᠠᠲᠤᠯᠠᠬᠤ ᠶᠢᠨ ᠲᠥᠯᠥᠭᠡ᠂ ᠯᠢᠶᠠᠩᠴᠧᠩ ᠰᠢᠶᠠᠨ ᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ | 3 ᠰᠠᠷ᠎ᠠ ᠶᠢᠨ 10 ᠤ ᠡᠳᠦᠷ ᠠᠴᠠ ᠡᠬᠢᠯᠡᠨ᠂ ᠬᠠᠤᠯᠢ ᠬᠡᠷᠡᠭᠵᠢᠭᠦᠯᠬᠦ ᠠᠵᠢᠯᠲᠠᠨ ᠢ ᠵᠣᠬᠢᠶᠠᠨ ᠪᠠᠶᠢᠭᠤᠯᠤᠨ ᠪᠥᠬᠦ | ᠰᠢᠶᠠᠨ ᠤ ᠬᠡᠪᠴᠢᠶᠡᠨ ᠳᠤ ᠠᠵᠢᠯ ᠮᠡᠷᠭᠡᠵᠢᠯ ᠤᠨ ᠡᠷᠡᠭᠦᠯ ᠬᠠᠮᠠᠭᠠᠯᠠᠯ ᠤᠨ ᠬᠢᠨᠠᠯᠲᠠ ᠪᠠᠶᠢᠴᠠᠭᠠᠯᠲᠠ ᠶᠢᠨ ᠠᠵᠢᠯᠯᠠᠭ᠎ᠠ | ᠥᠷᠨᠢᠭᠦᠯᠵᠦ᠂ ︽ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ᠂ ᠠᠶᠤᠯ ᠲᠦᠭᠰᠢᠭᠦᠷᠢ ᠶᠢ ᠰᠡᠷᠭᠡᠶᠢᠯᠡᠬᠦ᠂ ᠡᠷᠡᠭᠦᠯ | ᠮᠡᠨᠳᠦ ᠶᠢ ᠬᠠᠮᠠᠭᠠᠯᠠᠬᠤ︾ ᠪᠠᠷ ᠬᠠᠷᠠᠯᠲᠠ ᠪᠣᠯᠭᠠᠵᠤ᠂ ᠠᠵᠢᠯ ᠮᠡᠷᠭᠡᠵᠢᠯ ᠤᠨ ᠡᠷᠡᠭᠦᠯ ᠬᠠᠮᠠᠭᠠᠯᠠᠯ ᠤᠨ | ᠬᠠᠮᠢᠶᠠᠷᠤᠯᠲᠠ ᠶᠢᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠪᠠ᠃ | ᠬᠠᠤᠯᠢ ᠬᠡᠷᠡᠭᠵᠢᠭᠦᠯᠬᠦ ᠠᠵᠢᠯᠲᠠᠨ ᠲᠤᠬᠠᠶ ᠶᠢᠨ ᠲᠠᠯᠠᠪᠤᠷ ᠲᠤ ᠪᠠᠶᠢᠴᠠᠭᠠᠬᠤ᠂ ᠮᠠᠲ᠋ᠧᠷᠢᠶᠠᠯ ᠢ ᠪᠠᠶᠢᠴᠠᠭᠠᠨ ᠦᠵᠡᠬᠦ᠂ | ᠠᠵᠤ ᠠᠬᠤᠶᠢᠯᠠᠯ ᠤᠨ ᠠᠵᠢᠯᠲᠠᠨ ᠠᠵᠢᠯᠴᠢᠨ ᠢ ᠯᠠᠪᠯᠠᠨ ᠠᠰᠠᠭᠤᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ | ᠭᠤᠤᠯᠳᠠᠭᠤ ᠠᠵᠢᠯ ᠮᠡᠷᠭᠡᠵᠢᠯ ᠤᠨ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠪᠠᠶᠢᠷᠢᠯᠠᠭᠤᠯᠤᠯᠲᠠ᠂ ᠠᠵᠢᠯᠲᠠᠨ ᠤ | ᠲᠣᠬᠢᠷᠠᠭᠤᠯᠤᠯᠲᠠ᠂ ᠠᠵᠢᠯ ᠮᠡᠷᠭᠡᠵᠢᠯ ᠤᠨ ᠡᠷᠡᠭᠦᠯ ᠬᠠᠮᠠᠭᠠᠯᠠᠯ ᠤᠨ ᠬᠠᠮᠢᠶᠠᠷᠤᠯᠲᠠ ᠶᠢᠨ ᠲᠦᠷᠢᠮ ᠤᠨ ᠲᠠᠩᠰᠠ | ᠡᠪᠬᠡᠮᠡᠯ᠂ ᠬᠥᠳᠡᠯᠮᠦᠷᠢᠴᠢᠳ ᠤᠨ ᠡᠷᠡᠭᠦᠯ ᠮᠡᠨᠳᠦ ᠶᠢ ᠬᠢᠨᠠᠨ ᠬᠠᠮᠠᠭᠠᠯᠠᠬᠤ ᠲᠠᠩᠰᠠ ᠡᠪᠬᠡᠮᠡᠯ᠂ ᠠᠵᠢᠯ ᠮᠡᠷᠭᠡᠵᠢᠯ ᠤᠨ | ᠬᠤᠤᠷ ᠬᠥᠨᠥᠭᠡᠯ ᠲᠠᠢ ᠣᠶᠢᠷᠠᠲᠤᠭᠰᠠᠨ ᠬᠥᠳᠡᠯᠮᠦᠷᠢᠴᠢᠳ ᠤᠨ ᠪᠣᠯᠪᠠᠰᠤᠷᠠᠭᠤᠯᠤᠯ᠂ ᠠᠵᠢᠯ ᠤᠨ ᠪᠠᠶᠢᠷᠢ ᠶᠢᠨ | ᠰᠡᠷᠡᠮᠵᠢᠯᠡᠭᠦᠯᠬᠦ ᠲᠡᠮᠳᠡᠭ ᠫᠠᠶᠢᠰᠠ ᠳᠣᠭᠢᠷᠠᠭᠤᠯᠬᠤ᠂ ᠰᠡᠷᠭᠡᠶᠢᠯᠡᠨ ᠬᠠᠮᠠᠭᠠᠯᠠᠬᠤ ᠬᠡᠷᠡᠭᠰᠡᠯ ᠲᠠᠷᠬᠠᠭᠠᠬᠤ᠂ ᠬᠡᠷᠡᠭᠯᠡᠬᠦ | ᠵᠡᠷᠭᠡ ᠪᠠᠶᠢᠳᠠᠯ ᠢ ᠪᠥᠬᠦ ᠲᠠᠯ᠎ᠠ ᠪᠠᠷ ᠪᠠᠶᠢᠴᠠᠭᠠᠬᠤ ᠶᠢᠨ ᠬᠠᠮᠲᠤ ᠭᠤᠤᠯᠳᠠᠯᠭ᠎ᠠ ᠲᠠᠢ ᠠᠵᠢᠯ ᠤᠨ ᠪᠠᠶᠢᠷᠢ ᠶᠢᠨ | ᠠᠵᠢᠯᠲᠠᠨ ᠠᠵᠢᠯᠴᠢᠨ ᠲᠠᠢ ᠰᠣᠯᠢᠯᠴᠠᠵᠤ᠂ ᠠᠵᠤ ᠠᠬᠤᠶᠢᠯᠠᠯ ᠤᠨ ᠠᠵᠢᠯ ᠤᠨ ᠨᠥᠯᠥᠭᠡᠨ ᠤ ᠡᠪᠡᠳᠴᠢᠨ ᠤ ᠬᠤᠤᠷ | ᠬᠥᠨᠥᠭᠡᠯ ᠢ ᠰᠡᠷᠭᠡᠶᠢᠯᠡᠨ ᠵᠠᠰᠠᠬᠤ ᠠᠵᠢᠯ ᠤᠨ ᠣᠳᠣᠬᠢ ᠪᠠᠶᠢᠳᠠᠯ᠂ ᠠᠵᠢᠯ ᠤᠨ ᠨᠥᠯᠥᠭᠡᠨ ᠤ ᠡᠪᠡᠳᠴᠢᠨ ᠤ ᠬᠤᠤᠷ | ᠬᠥᠨᠥᠭᠡᠯ ᠢ ᠰᠡᠷᠭᠡᠶᠢᠯᠡᠨ ᠵᠠᠰᠠᠬᠤ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠵᠡᠷᠭᠡ ᠪᠠᠶᠢᠳᠠᠯ ᠢ ᠨᠠᠷᠢᠨ ᠠᠰᠠᠭᠤᠨ | ᠯᠠᠪᠯᠠᠵᠠᠶ᠃ ᠣᠷᠣᠰᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ᠂ ᠲᠤᠬᠠᠶ ᠶᠢᠨ ᠲᠠᠯᠠᠪᠠᠢ ᠳᠤ ᠡᠷᠡᠭᠦᠯ ᠬᠠᠮᠠᠭᠠᠯᠠᠯ ᠤᠨ | ᠬᠢᠨᠠᠯᠲᠠ ᠲᠠᠯᠪᠢᠬᠤ ᠰᠠᠨᠠᠯ ᠤᠨ ᠪᠢᠴᠢᠭ ᠪᠠᠭᠤᠯᠭᠠᠭᠰᠠᠨ ᠪᠥᠭᠡᠳ ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ | ᠴᠡᠭᠴᠡᠯᠡᠨ ᠥᠭᠡᠷᠡᠴᠢᠯᠡᠭᠦᠯᠪᠡ᠃ | ᠬᠢᠨᠠᠯᠲᠠ ᠲᠠᠯᠪᠢᠵᠤ ᠪᠠᠶᠢᠴᠠᠭᠠᠬᠤ ᠪᠠᠷ ᠳᠡᠮᠵᠢᠨ᠂ ᠠᠵᠤ ᠠᠬᠤᠶᠢᠯᠠᠯ ᠤᠨ ᠭᠤᠤᠯ ᠴᠣᠭᠴᠠ ᠶᠢᠨ | ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠣᠳᠠᠲᠠᠶᠢᠵᠢᠭᠤᠯᠵᠤ᠂ ᠬᠢᠨᠠᠯᠲᠠ ᠲᠠᠯᠪᠢᠵᠤ ᠬᠠᠮᠢᠶᠠᠷᠬᠤ ᠪᠠ ᠤᠬᠠᠭᠤᠯᠭ᠎ᠠ | ᠬᠥᠮᠦᠵᠢᠯ ᠪᠣᠯᠪᠠᠰᠤᠷᠠᠭᠤᠯᠤᠯ ᠤᠨ ᠠᠵᠢᠯ ᠢ ᠴᠢᠩᠭᠠᠳᠬᠠᠪᠠ᠃ ᠲᠠᠷᠠᠭᠠᠴᠢ ᠶᠢᠨ ᠠᠯᠬᠤᠮ ᠳᠤ᠂ ᠰᠢᠶᠠᠨ ᠤ | ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠠᠴᠠ ᠠᠵᠢᠯ ᠮᠡᠷᠭᠡᠵᠢᠯ ᠤᠨ ᠡᠷᠡᠭᠦᠯ ᠮᠡᠨᠳᠦ ᠶᠢᠨ ᠬᠢᠨᠠᠯᠲᠠ | ᠬᠠᠮᠢᠶᠠᠷᠤᠯᠲᠠ ᠶᠢᠨ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠬᠥᠳᠡᠯᠮᠦᠷᠢᠴᠢᠳ ᠤᠨ ᠠᠵᠢᠯ ᠮᠡᠷᠭᠡᠵᠢᠯ ᠤᠨ | ᠡᠷᠡᠭᠦᠯ ᠮᠡᠨᠳᠦ ᠵᠢᠴᠢ ᠠᠵᠤ ᠠᠬᠤᠶᠢᠯᠠᠯ ᠤᠨ ᠠᠯᠤᠰ ᠬᠡᠲᠦ ᠶᠢᠨ ᠬᠥᠭᠵᠢᠯᠲᠡ ᠳᠤ ᠪᠠᠲᠤᠯᠠᠭ᠎ᠠ ᠬᠠᠩᠭᠠᠨ᠎ᠠ᠃ | ᠤᠷᠴᠢᠭᠤᠯᠤᠭᠴᠢ᠄ ᠬᠦᠰᠡᠯ | ᠬᠢᠨᠠᠭᠴᠢ᠄ ᠠᠷᠢᠭᠤᠨ |