3 ᠰᠠᠷ᠎ᠠ ᠶᠢᠨ 18 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ︵ᠵᠠᠰᠠᠭ | ᠵᠠᠬᠢᠷᠭᠠᠨ ᠤ ᠳᠡᠭᠡᠳᠦ ᠰᠤᠷᠭᠠᠭᠤᠯᠢ︶ 2025 ᠣᠨ ᠤ ᠬᠠᠪᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠤ | ᠰᠤᠷᠤᠯᠭ᠎ᠠ ᠡᠬᠢᠯᠡᠬᠦ ᠶᠣᠰᠣᠯᠠᠯ ᠶᠠᠪᠤᠭᠤᠯᠪᠠ᠃ ᠬᠤᠲᠠ ᠶᠢᠨ ᠨᠠᠮ ᠤᠨ ᠬᠤᠷᠢᠶᠠᠨ ᠤ ᠱᠦᠵᠢ᠂ ᠬᠤᠲᠠ ᠶᠢᠨ ᠨᠠᠮ ᠤᠨ | ᠬᠤᠷᠢᠶᠠᠨ ᠤ ᠨᠠᠮ ᠤᠨ ᠰᠤᠷᠭᠠᠭᠤᠯᠢ ︵ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ ᠶᠢᠨ ᠵᠠᠬᠢᠷᠤᠯ ᠵᠧᠤ ᠺᠠᠶ | ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ | ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠯᠢ ᠶᠦᠩ ᠬᠤᠷᠠᠯ ᠡᠷᠭᠢᠯᠡᠪᠡ᠃ | ᠵᠧᠦ ᠺᠠᠢ ᠰᠤᠷᠭᠠᠭᠤᠯᠢ ᠡᠬᠢᠯᠡᠬᠦ ᠶᠣᠰᠣᠯᠠᠯ ᠳᠡᠭᠡᠷ᠎ᠡ᠂ ᠨᠠᠮ ᠤᠨ ᠭᠡᠰᠢᠭᠦᠨ ᠺᠠᠳ᠋ᠷ ᠨᠠᠮ ᠤᠨ ᠰᠤᠷᠭᠠᠭᠤᠯᠢ ᠳᠤ | ᠬᠦᠷᠴᠦ ᠪᠣᠯᠪᠠᠰᠤᠷᠠᠯ ᠬᠦᠷᠲᠡᠵᠦ᠂ ᠤᠨᠤᠯ ᠢ ᠰᠤᠷᠤᠯᠴᠠᠵᠤ᠂ ᠨᠠᠮᠴᠢ ᠴᠢᠨᠠᠷ ᠢ ᠳᠠᠪᠲᠠᠨ ᠪᠣᠯᠪᠠᠰᠤᠷᠠᠭᠤᠯᠵᠤ᠂ | ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠢ᠃ ᠡᠩ ᠲᠡᠷᠢᠭᠦᠨ ᠳᠤ ᠨᠠᠮ ᠤᠨ ᠰᠢᠨ᠎ᠡ ᠶᠢ ᠡᠭᠦᠳᠬᠦ ᠤᠨᠤᠯ ᠢ ᠰᠠᠶᠢᠲᠤᠷ | ᠰᠤᠷᠤᠯᠴᠠᠵᠤ ᠰᠠᠶᠢᠲᠤᠷ ᠬᠡᠷᠡᠭᠯᠡᠵᠦ᠂ ᠢᠯᠠᠩᠭᠤᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠳᠤ ᠲᠤᠭᠤᠰᠢᠯᠠᠭᠳᠠᠵᠤ ᠪᠠᠶᠢᠭ᠎ᠠ ᠵᠣᠭᠰᠣᠯᠲᠠ | ᠦᠵᠡᠯᠲᠡ ᠠᠷᠭ᠎ᠠ ᠶᠢ ᠰᠤᠷᠤᠯᠴᠠᠨ ᠡᠵᠡᠮᠰᠢᠵᠦ᠂ ᠰᠤᠷᠤᠯᠴᠠᠨ ᠰᠡᠳᠬᠢᠵᠦ ᠦᠢᠯᠡᠳᠦᠯᠭᠡᠵᠢᠭᠦᠯᠦᠨ ᠣᠶᠢᠯᠠᠭᠠᠬᠤ | ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠭᠰᠠᠨ︾ ᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ | ᠶᠢ ᠡᠷᠡᠰ ᠪᠡᠶᠡᠯᠡᠭᠦᠯᠬᠦ ᠬᠡᠷᠡᠭᠲᠡᠢ ᠭᠡᠵᠦ ᠬᠡᠯᠡᠪᠡ᠃ | ᠵᠧᠦ ᠺᠠᠢ᠂ ᠲᠠᠪᠤᠨ ᠶᠡᠭᠡ ᠡᠭᠦᠷᠭᠡ ᠶᠢ ᠰᠠᠶᠢᠲᠤᠷ ᠨᠠᠶᠢᠳᠠᠪᠤᠷᠢᠵᠢᠭᠤᠯᠬᠤ ᠳᠤ ᠡᠷᠬᠡᠪᠰᠢ ᠰᠢᠨ᠎ᠡ | ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠵᠥᠪ ᠣᠨᠣᠪᠴᠢᠲᠠᠢ ᠪᠦᠬᠦ ᠲᠠᠯ᠎ᠠ ᠪᠠᠷ ᠲᠤᠭᠤᠰᠢᠯᠠᠭᠤᠯᠵᠤ᠂ | ᠰᠢᠰᠲ᠋ᠧᠮ ᠤᠨ ᠦᠵᠡᠯᠲᠡ ᠶᠢ ᠪᠠᠷᠢᠮᠲᠠᠯᠠᠵᠤ᠂ ᠨᠢᠭᠡᠳᠦᠯᠲᠡᠢ ᠲᠥᠯᠥᠪᠵᠢᠭᠦᠯᠦᠨ ᠨᠡᠶᠢᠳᠡ ᠳᠤᠨᠢ ᠬᠠᠷᠠᠭᠠᠯᠵᠠᠬᠤ ᠶᠢ | ᠴᠢᠬᠤᠯᠠᠴᠢᠯᠠᠬᠤ ᠬᠡᠷᠡᠭᠲᠡᠢ᠃ ᠠᠵᠤ ᠠᠬᠤᠶ ᠶᠢᠨ ᠬᠥᠭᠵᠢᠯᠲᠡ ᠪᠣᠯᠤᠨ ᠠᠮᠢ ᠠᠬᠤᠶ ᠣᠷᠴᠢᠨ ᠲᠣᠭᠤᠷᠢᠨ ᠤ | ᠬᠠᠮᠠᠭᠠᠯᠠᠯᠲᠠ ᠪᠥᠲᠥᠭᠡᠨ ᠪᠠᠶᠢᠭᠤᠯᠤᠯᠲᠠ ᠶᠢᠨ ᠬᠠᠷᠢᠴᠠᠭ᠎ᠠ ᠶᠢ ᠰᠠᠶᠢᠲᠤᠷ ᠨᠢᠭᠡᠳᠦᠯᠲᠡᠶ ᠲᠥᠯᠥᠪᠵᠢᠭᠦᠯᠵᠦ᠂ ᠠᠮᠢ | ᠠᠬᠤᠶ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭᠵᠢᠭᠦᠯᠬᠦ ᠶᠢ ᠪᠠᠷᠢᠮᠲᠠᠯᠠᠵᠤ᠂ ᠠᠭᠤᠯᠠ ᠤᠰᠤ ᠣᠶ | ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠰᠢᠰᠲ᠋ᠧᠮ ᠲᠠᠢ ᠵᠠᠰᠠᠬᠤ ᠶᠢ | ᠨᠢᠭᠡᠳᠦᠯᠲᠡᠶ ᠲᠥᠯᠥᠪᠵᠢᠭᠦᠯᠵᠦ᠂ ᠪᠣᠬᠢᠷᠲᠤᠯ ᠥᠬᠡᠶ ᠳᠤᠤᠷ᠎ᠠ ᠨᠡᠭᠦᠷᠡᠰᠦᠲᠥ᠋ᠷᠥᠭᠴᠢᠲᠦ ᠠᠵᠤ ᠦᠢᠯᠡᠰ ᠢ | ᠲᠦᠷᠭᠡᠳᠬᠡᠨ ᠬᠥᠭᠵᠢᠭᠦᠯᠵᠦ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ | ᠬᠠᠯᠬᠠᠪᠴᠢ ᠶᠢ ᠪᠠᠲᠤ ᠴᠣᠭᠴᠠᠯᠠᠬᠤ ᠲᠠᠯ᠎ᠠ ᠪᠠᠷ ᠠᠮᠵᠢᠯᠲᠠ ᠪᠦᠲᠦᠮᠵᠢ ᠭᠠᠷᠭᠠᠬᠤ ᠬᠡᠷᠡᠭᠲᠡᠶ᠃ ᠬᠥᠭᠵᠢᠯᠲᠡ ᠪᠣᠯᠤᠨ | ᠠᠮᠤᠷ ᠲᠦᠪᠰᠢᠨ ᠤ ᠬᠠᠷᠢᠴᠠᠭ᠎ᠠ ᠶᠢ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠬᠥᠭᠵᠢᠯᠲᠡ ᠪᠣᠯ ᠬᠠᠲᠠᠭᠤ ᠶᠣᠰᠣ᠂ | ᠠᠮᠤᠷ ᠲᠦᠪᠰᠢᠨ ᠪᠣᠯ ᠪᠠᠰᠠ ᠴᠤ ᠬᠠᠲᠠᠭᠤ ᠶᠣᠰᠣ ᠮᠥᠨ ᠭᠡᠬᠦ ᠤᠢᠢᠯᠠᠭᠠᠭᠳᠠᠬᠤᠨ ᠢ ᠴᠢᠨᠠᠭᠰᠢᠳᠠ ᠪᠤᠢ ᠪᠣᠯᠭᠠᠵᠤ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠠᠵᠢᠯ ᠤᠨ | ᠭᠤᠣᠯ ᠰᠢᠵᠢᠮ ᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠡᠯ᠎ᠡ ᠲᠦᠷᠦᠯ ᠤᠨ ᠠᠶᠤᠯ ᠲᠦᠭᠰᠢᠭᠦᠷᠢ ᠶᠢ ᠰᠡᠷᠭᠡᠶᠢᠯᠡᠨ | ᠠᠷᠢᠯᠭᠠᠵᠤ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ | ᠴᠣᠭᠴᠠᠯᠠᠬᠤ ᠲᠠᠯ᠎ᠠ ᠪᠠᠷ ᠪᠣᠳᠠᠲᠠᠢ ᠦᠷ᠎ᠡ ᠪᠦᠲᠦᠮᠵᠢ ᠭᠠᠷᠭᠠᠬᠤ ᠬᠡᠷᠡᠭᠲᠡᠢ᠃ ᠰᠢᠨ᠎ᠡ ᠬᠥᠳᠡᠯᠭᠡᠬᠦ ᠡᠨᠧᠷᠭᠢ ᠶᠢ | ᠰᠢᠨᠡᠴᠢᠯᠡᠬᠦ ᠪᠠ ᠬᠠᠭᠤᠴᠢᠨ ᠬᠥᠳᠡᠯᠭᠡᠬᠦ ᠡᠨᠧᠷᠭᠢ ᠶᠢᠨ ᠬᠠᠷᠢᠴᠠᠭ᠎ᠠ ᠶᠢ ᠰᠢᠨᠡᠴᠢᠯᠡᠬᠦ ᠶᠢᠨ ᠬᠠᠷᠢᠴᠠᠭ᠎ᠠ ᠶᠢ ᠨᠢᠭᠡᠳᠦᠯᠲᠡᠢ | ᠲᠥᠯᠥᠪᠵᠢᠭᠦᠯᠵᠦ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠰᠢᠨ᠎ᠡ ᠶᠠᠰᠤ ᠴᠢᠨᠠᠷ ᠤᠨ | ᠦᠢᠯᠡᠳᠪᠦᠷᠢᠯᠡᠯ ᠤᠨ ᠬᠦᠴᠦᠨ ᠢ ᠬᠥᠭᠵᠢᠭᠦᠯᠵᠦ᠂ ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ ᠲᠡᠰ | ᠳᠡᠪᠰᠢᠭᠦᠯᠬᠦ᠂ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠬᠦᠴᠦᠷᠬᠡᠭᠵᠢᠭᠦᠯᠦᠨ ᠰᠢᠯᠢᠳᠡᠭᠵᠢᠭᠦᠯᠬᠦ᠂ ᠢᠷᠡᠭᠡᠳᠦᠢ ᠶᠢᠨ | ᠠᠵᠤ ᠦᠢᠯᠡᠰ ᠤᠨ ᠪᠠᠷᠠᠭᠠᠯᠬᠢᠯᠠᠯ ᠤᠨ ᠪᠠᠶᠢᠷᠢᠰᠢᠭᠤᠯᠤᠯᠲᠠ ᠶᠢ ᠨᠢᠭᠡ ᠴᠤᠭᠴᠠᠵᠢᠭᠤᠯᠤᠨ ᠠᠬᠢᠭᠤᠯᠵᠤ᠂ ᠤᠯᠤᠰ ᠤᠨ | ᠴᠢᠬᠤᠯᠠ ᠡᠨᠧᠷᠭᠢ ᠪᠣᠯᠤᠨ ᠪᠠᠶᠢᠯᠳᠤᠬᠤ ᠪᠤᠳᠤᠯᠭ᠎ᠠ ᠶᠢᠨ ᠡᠬᠢ ᠪᠠᠶᠠᠯᠢᠭ ᠤᠨ ᠰᠠᠭᠤᠷᠢᠨ᠂ ᠮᠠᠯ ᠤᠨ ᠠᠰᠢᠭ ᠰᠢᠮ᠎ᠡ | ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠢ ᠪᠦᠳᠦᠭᠡᠨ ᠪᠠᠶᠢᠭᠤᠯᠬᠤ ᠲᠠᠯ᠎ᠠ ᠪᠠᠷ | ᠠᠮᠵᠢᠯᠲᠠ ᠪᠦᠲᠦᠮᠵᠢ ᠭᠠᠷᠭᠠᠬᠤ ᠬᠡᠷᠡᠭᠲᠡᠢ᠃ ᠤᠯᠤᠰ ᠤᠨ ᠳᠣᠲᠣᠭᠠᠳᠤ ᠶᠢᠨ ᠬᠥᠭᠵᠢᠯᠲᠡ᠂ ᠭᠠᠳᠠᠭᠠᠳᠤ ᠨᠡᠬᠡᠬᠡᠯᠳᠡ | ᠪᠣᠯᠤᠨ ᠣᠷᠣᠨ ᠪᠦᠰᠡ ᠶᠢᠨ ᠬᠠᠮᠵᠢᠯᠴᠠᠭ᠎ᠠ ᠶᠢ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠣᠷᠣᠨ ᠪᠦᠰᠡ ᠶᠢᠨ | ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠠᠵᠢᠯᠯᠠᠭ᠎ᠠ ᠶᠢ ᠰᠠᠶᠢᠲᠤᠷ ᠬᠡᠷᠡᠭᠵᠢᠭᠦᠯᠵᠦ᠂ ᠮᠠᠨ ᠤ ᠤᠯᠤᠰ ᠤᠨ ᠤᠮᠠᠷᠠᠰᠢ | ᠨᠡᠬᠡᠬᠡᠯᠳᠡ ᠬᠢᠬᠦ ᠴᠢᠬᠤᠯᠠ ᠪᠠᠬᠢᠯᠡᠯᠲᠡ ᠶᠢ ᠪᠠᠶᠢᠭᠤᠯᠬᠤ ᠲᠠᠯ᠎ᠠ ᠪᠠᠷ ᠠᠮᠵᠢᠯᠲᠠ ᠪᠦᠲᠦᠮᠵᠢ ᠤᠯᠬᠤ ᠬᠡᠷᠡᠭᠲᠡᠢ ᠭᠡᠵᠦ | ᠬᠡᠯᠡᠪᠡ᠃ | ᠵᠧᠦ ᠺᠠᠢ ᠪᠠᠰᠠ ᠨᠠᠮ ᠤᠨ ᠰᠤᠷᠭᠠᠭᠤᠯᠢ ᠶᠢᠨ ᠡᠯ᠎ᠡ ᠠᠩᠬᠢ ᠶᠢᠨ ᠪᠣᠯᠪᠠᠰᠤᠷᠠᠯ ᠢ ᠰᠠᠶᠢᠲᠤᠷ ᠠᠳᠬᠤᠬᠤ ᠲᠤᠬᠠᠢ | ᠱᠠᠭᠠᠷᠳᠠᠯᠭ᠎ᠠ ᠳᠤᠷᠠᠳᠴᠠᠢ᠃ | ᠬᠤᠲᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ᠂ ᠬᠤᠲᠠ ᠶᠢᠨ | ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ︵ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ ᠶᠢᠨ ᠤᠳᠤᠷᠢᠳᠬᠤ | ᠪᠠᠭ ᠤᠨ ᠪᠦᠷᠢᠯᠳᠦᠬᠦᠨ ᠵᠢᠴᠢ ᠪᠦᠬᠦ ᠪᠠᠭᠰᠢ ᠠᠵᠢᠯᠲᠠᠨ ᠠᠵᠢᠯᠴᠢᠨ᠂ ᠰᠤᠷᠭᠠᠭᠤᠯᠢ ᠳᠤ ᠪᠠᠶᠢᠭ᠎ᠠ ᠰᠤᠷᠤᠭᠴᠢ | ᠣᠷᠣᠯᠴᠠᠵᠠᠶ᠃ | ᠣᠷᠴᠢᠭᠤᠯᠤᠭᠴᠢ᠄ ᠭᠤᠸ᠎ᠠ | ᠬᠢᠨᠠᠭᠴᠢ᠄ ᠠᠷᠢᠭᠤᠨ |