ᠯᠢᠶᠠᠩᠴᠧᠩ ᠰᠢᠶᠠᠨ ᠤ 25.46MW ᠬᠡᠷᠡᠯ ᠴᠡᠨᠡᠭ ᠢᠶᠠᠷ ᠬᠠᠪᠰᠤᠷᠤᠨ ᠲᠡᠳᠬᠦᠬᠦ ᠲᠣᠰᠬᠤᠨ ᠤ ᠲᠠᠰ ᠤᠨ ᠴᠠᠬᠢᠯᠭᠠᠨ ᠥᠷᠲᠡᠭᠡ ᠶᠢᠨ ᠲᠥᠷᠥᠯ ᠵᠦᠢᠯ ᠬᠠᠪᠤᠷ ᠤᠨ ᠤᠯᠠᠷᠢᠯ ᠳᠤ ᠪᠥᠬᠦ ᠲᠠᠯ᠎ᠠ ᠪᠠᠷ ᠠᠵᠢᠯ ᠢᠶᠠᠨ ᠰᠡᠷᠭᠦᠭᠡᠪᠡ
ᠨᠡᠶᠢᠲᠡᠯᠡᠭᠰᠡᠨ ᠴᠠᠭ᠄
2025/3/20
       ᠤᠯᠠᠭᠠᠨᠴᠠᠪ ᠬᠤᠲᠠ ᠶᠢᠨ ᠯᠢᠶᠠᠩᠴᠧᠩ ᠰᠢᠶᠠᠨ ᠤ 25.46MW ᠬᠡᠷᠡᠯ ᠴᠡᠨᠡᠭ ᠤᠨ ᠬᠠᠪᠰᠤᠷᠤᠨ ᠲᠡᠳᠬᠦᠬᠦ ᠲᠣᠰᠬᠤᠨ ᠤ ᠲᠠᠰ ᠤᠨ ᠴᠠᠬᠢᠯᠭᠠᠨ ᠥᠷᠲᠡᠭᠡ ᠶᠢᠨ ᠲᠥᠷᠥᠯ ᠵᠦᠢᠯ ᠣᠶᠢᠷ᠎ᠠ ᠳᠤ ᠵᠢᠩᠬᠢᠨᠢ ᠪᠠᠷ ᠠᠵᠢᠯ ᠢᠶᠠᠨ ᠰᠡᠷᠭᠦᠭᠡᠵᠦ᠂ ᠲᠣᠰ ᠲᠥᠷᠥᠯ ᠵᠦᠢᠯ ᠨᠢ ᠰᠢᠨ᠎ᠡ ᠡᠨᠧᠷᠭᠢ ᠬᠢᠭᠡᠳ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠶ ᠵᠣᠯᠭᠠᠭᠤᠯᠬᠤ ᠪᠠᠷ ᠭᠤᠤᠯ ᠪᠣᠯᠭᠠᠨ᠂ ᠰᠢᠶᠠᠨ ᠤ ᠬᠡᠪᠴᠢᠶᠡᠨ ᠤ ᠠᠵᠤ ᠠᠬᠤᠶ ᠶᠢᠨ ᠪᠣᠬᠢᠷᠲᠤᠯ ᠥᠬᠡᠶ ᠪᠠᠷ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ ᠪᠠᠷ ᠴᠢᠷᠮᠠᠶᠢᠵᠤ᠂ ᠶᠡᠷᠦᠩᠬᠡᠶ ᠪᠠᠯᠠ ᠣᠷᠣᠭᠤᠯᠤᠯᠲᠠ ᠨᠢ 10790 ᠲᠦᠮᠡᠨ ᠲᠥᠭᠦᠷᠢᠭ ᠪᠠᠶᠢᠵᠤ᠂ ᠶᠡᠷᠦᠩᠬᠡᠶ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ ᠨᠢ 25.46MW ᠪᠠᠶᠢᠵᠤ᠂ ᠯᠢᠶᠠᠩᠴᠧᠩ ᠰᠢᠶᠠᠨ ᠤ ᠮᠠᠶᠢᠬᠠᠨᠲᠤ ᠪᠠᠯᠭᠠᠰᠤ᠂ ᠵᠢᠷᠭᠤᠳᠤᠭᠠᠷ ᠰᠤᠮᠤ ᠪᠠᠯᠭᠠᠰᠤ᠂ ᠬᠤᠩ ᠮᠤᠤ ᠪᠠᠯᠭᠠᠰᠤ᠂ ᠳᠠᠭ᠎ᠠ ᠶᠢᠨ ᠨᠠᠭᠤᠷ ᠪᠠᠯᠭᠠᠰᠤ ᠵᠡᠷᠭᠡ ᠳᠥᠷᠪᠡᠨ ᠵᠠᠰᠠᠭ ᠵᠠᠬᠢᠷᠭᠠᠨ ᠤ ᠣᠷᠣᠨ ᠢ ᠬᠠᠮᠤᠷᠪᠠ᠃ ᠵᠢᠱᠢᠯᠲᠡ ᠪᠠᠷ ᠲᠥᠷᠥᠯ ᠵᠦᠢᠯ ᠢ 2025 ᠣᠨ ᠤ 5 ᠰᠠᠷ᠎ᠠ ᠶᠢᠨ ᠰᠡᠭᠦᠯᠴᠢ ᠪᠠᠷ ᠪᠦᠬᠦᠨ ᠢ ᠪᠠᠶᠢᠭᠤᠯᠵᠤ ᠳᠠᠭᠤᠰᠬᠠᠨ᠎ᠠ᠃    ᠲᠣᠰ ᠲᠥᠷᠥᠯ ᠵᠦᠢᠯ ᠢ 5 ᠲᠥᠷᠥᠯ ᠵᠦᠢᠯ ᠳᠤ ᠬᠤᠪᠢᠶᠠᠵᠤ᠂ ᠬᠤᠪᠢᠶᠠᠷᠢ ᠲᠥᠷᠥᠯ ᠵᠦᠢᠯ ᠨᠢᠭᠡᠪᠦᠷᠢ ᠳᠤ 10kV ᠪᠣᠭᠤᠮᠲᠠ ᠨᠡᠭᠡᠭᠡᠬᠦ ᠥᠷᠲᠡᠭᠡ ᠵᠢᠴᠢ ᠴᠠᠬᠢᠯᠭᠠᠨ ᠬᠦᠷᠭᠡᠬᠦ ᠱᠤᠭᠤᠮ ᠵᠡᠷᠭᠡ ᠳᠠᠭᠠᠯᠲᠠ ᠲᠥᠬᠦᠭᠡᠷᠦᠮᠵᠢ ᠶᠢ ᠢᠵᠢ ᠪᠦᠷᠢᠳᠦᠭᠦᠯᠦᠨ ᠰᠢᠨ᠎ᠡ ᠪᠠᠷ ᠪᠠᠶᠢᠭᠤᠯᠵᠤ᠂ ᠴᠠᠬᠢᠯᠭᠠᠨ ᠬᠦᠴᠦᠨ ᠢ ᠲᠤᠬᠠᠶ ᠶᠢᠨ ᠭᠠᠵᠠᠷ ᠤᠨ ᠴᠠᠬᠢᠯᠭᠠᠨ ᠤ ᠲᠣᠤᠷ ᠲᠤ ᠵᠠᠯᠭᠠᠨ ᠣᠷᠣᠭᠤᠯᠬᠤ ᠶᠢ ᠦᠨᠡᠨ ᠬᠦ ᠪᠠᠲᠤᠯᠠᠵᠤ᠂ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠬᠦ ᠪᠠᠷ ᠪᠠᠷᠠᠬᠤ ᠥᠬᠡᠶ᠂ ᠬᠡᠷᠡᠯ ᠴᠡᠨᠡᠭ ᠢᠶᠠᠷ ᠴᠠᠬᠢᠯᠭᠠᠨ ᠭᠠᠷᠭᠠᠬᠤ ᠶᠢ ᠬᠠᠮᠤᠭ ᠤᠨ ᠶᠡᠭᠡ ᠪᠠᠷ ᠠᠰᠢᠭᠯᠠᠬᠤ ᠶᠢ ᠪᠡᠶᠡᠯᠡᠭᠦᠯᠵᠦ᠂ ᠲᠥᠷᠥᠯ ᠵᠦᠢᠯ ᠤᠨ ᠪᠦᠬᠦᠯᠢ ᠴᠣᠭᠴᠠ ᠶᠢᠨ ᠠᠵᠢᠯᠯᠠᠭᠠᠨ ᠤ ᠦᠷ᠎ᠡ ᠪᠦᠲᠦᠮᠵᠢ ᠶᠢ ᠨᠠᠩ ᠰᠠᠶᠢᠲᠤᠷ ᠳᠡᠭᠡᠭᠰᠢᠯᠡᠭᠦᠯᠪᠡ᠃ ᠬᠤᠳᠠ ᠶᠢᠨ ᠡᠨᠧᠷᠭᠢ ᠶᠢᠨ ᠪᠡᠯᠡ ᠣᠷᠣᠭᠤᠯᠤᠯᠲᠠ ᠶᠢᠨ ᠺᠣᠮᠫᠠᠨᠢ ᠲᠤᠰ ᠲᠦᠷᠦᠯ ᠵᠦᠢᠯ ᠤᠨ ᠣᠷᠣᠯᠠᠨ ᠪᠠᠶᠢᠭᠤᠯᠬᠤ ᠨᠢᠭᠡᠴᠢ ᠪᠣᠯᠤᠭᠰᠠᠨ ᠤ ᠬᠤᠪᠢ ᠳᠤ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠲᠠᠷᠬᠠᠮᠠᠯ ᠮᠠᠶ᠋ᠢᠭ ᠤᠨ ᠭᠡᠷᠡᠯ ᠴᠡᠨᠡᠭ ᠤᠨ ᠴᠠᠬᠢᠯᠭᠠᠨ ᠦᠷᠳᠡᠭᠡ ᠶᠢ ᠵᠦᠢ ᠵᠣᠬᠢᠰᠲᠠᠢ ᠪᠠᠶᠢᠷᠢᠰᠢᠭᠤᠯᠬᠤ ᠪᠠᠷ ᠳᠠᠮᠵᠢᠭᠤᠯᠵᠤ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠡᠷᠬᠢᠯᠳᠡᠳᠦ ᠬᠥᠭᠵᠢᠯᠲᠡ ᠶᠢᠨ ᠠᠵᠤ ᠠᠬᠤᠢ ᠶᠢᠨ ᠰᠢᠰᠲ᠋ᠧᠮ ᠢ ᠪᠦᠲᠦᠮᠵᠢᠲᠡᠢ ᠪᠠᠶᠢᠭᠤᠯᠵᠤ᠂ ᠯᠢᠶᠠᠩᠴᠧᠩ ᠰᠢᠶᠠᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠬᠦᠴᠦᠷᠬᠡᠭ ᠶᠡᠭᠡ ᠪᠣᠬᠢᠷᠲᠤᠯ ᠦᠭᠡᠢ ᠬᠥᠳᠡᠯᠭᠡᠬᠦ ᠬᠦᠴᠦᠨ ᠨᠡᠮᠡᠷᠢᠯᠡᠨ᠎ᠡ᠃                           ᠤᠷᠴᠢᠭᠤᠯᠤᠭᠴᠢ᠄ ᠬᠦᠰᠡᠯ                           ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠣᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2