3 ᠰᠠᠷ᠎ᠠ ᠶᠢᠨ 21 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ | ᠬᠤᠲᠠ ᠶᠢᠨ ᠳᠠᠷᠤᠭ᠎ᠠ ᠯᠢᠦ ᠬᠠᠶ ᠴᠢᠤᠸᠠᠨ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ | ᠬᠤᠷᠠᠯᠳᠤᠭᠤᠯᠪᠠ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠭᠦᠢᠵᠸᠦ ᠪᠣᠯᠤᠨ ᠶᠦᠨᠨᠠᠨ ᠳᠤ ᠰᠢᠨᠵᠢᠯᠡᠨ ᠪᠠᠶᠢᠴᠠᠭᠠᠬᠤ | ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠴᠢᠬᠤᠯᠠ ᠵᠣᠬᠢᠶᠠᠯ ︽︿ᠬᠤᠶᠠᠷ ᠢ ᠥᠴᠦᠬᠡᠨ ᠴᠦ | ᠭᠤᠶᠢᠪᠢᠰᠢ ᠦᠭᠡᠢ﹀ ᠶᠢ ᠪᠠᠷᠢᠮᠲᠠᠯᠠᠨ ᠨᠠᠶᠢᠳᠠᠪᠤᠷᠢᠵᠢᠭᠤᠯᠬᠤ︾ ᠶᠢ ᠤᠯᠠᠮᠵᠢᠯᠠᠨ ᠰᠤᠷᠤᠯᠴᠠᠵᠤ᠂ ᠶᠡᠷᠦᠩᠬᠡᠢ ᠱᠦᠵᠢ | ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ | ᠲᠤᠭᠤᠰᠢᠯᠠᠭᠤᠯᠵᠤ᠂ ᠭᠦᠨᠵᠡᠭᠡᠢ ᠰᠤᠷᠤᠯᠴᠠᠨ ᠨᠡᠪᠲᠡᠷᠡᠲᠡᠯ᠎ᠡ ᠣᠶᠢᠯᠠᠭᠠᠵᠤ᠂ ᠲᠠᠷᠢᠬᠢ ᠲᠣᠯᠣᠭᠠᠢ ᠰᠡᠳᠬᠢᠯ | ᠵᠢᠷᠦᠬᠡᠨ ᠳᠡᠭᠡᠨ ᠬᠠᠳᠠᠩᠰᠢᠭᠤᠯᠵᠤ᠂ ᠦᠢᠯᠡ ᠠᠵᠢᠯᠯᠠᠭ᠎ᠠ ᠬᠢᠵᠦ ᠦᠷ᠎ᠡ ᠪᠦᠲᠦᠮᠵᠢ ᠭᠠᠷᠭᠠᠬᠤ ᠶᠢ ᠴᠢᠷᠮᠠᠶᠢᠨ | ᠪᠡᠶᠡᠯᠡᠭᠦᠯᠬᠦ ᠬᠡᠷᠡᠭᠲᠡᠢ᠃ ︽ᠨᠢᠭᠡ ᠭᠤᠣᠯ ᠰᠢᠵᠢᠮ ᠢ ᠲᠤᠭᠤᠰᠢᠯᠠᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ | ᠬᠢᠵᠦ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠰᠢᠨ᠎ᠡ ᠵᠠᠮ ᠢ ᠨᠡᠭᠡᠭᠡᠵᠦ ᠳᠤᠮᠳᠠ ᠤᠷᠤᠰᠬᠠᠯ ᠳᠤ | ᠣᠷᠣᠬᠤ︾ ᠬᠠᠷᠠᠯᠲᠠ ᠡᠭᠦᠷᠭᠡ ᠶᠢᠨ ᠲᠣᠭᠤᠷᠢᠨ ᠳᠤ᠂ ︽ᠲᠠᠪᠤᠨ ᠶᠡᠭᠡ ᠡᠭᠦᠷᠭᠡ︾᠂ ︽ᠵᠢᠷᠭᠤᠭᠠᠨ ᠢᠨᠵᠧᠨᠧᠷᠢᠩ︾ | ︽ᠵᠢᠷᠭᠤᠭᠠᠨ ᠠᠵᠢᠯᠯᠠᠭ᠎ᠠ︾ ᠶᠢ ᠭᠦᠨᠵᠡᠭᠡᠢ ᠬᠡᠷᠡᠭᠵᠢᠭᠦᠯᠵᠦ᠂ ᠦᠨᠡᠨ ᠬᠦ ᠠᠵᠢᠯ ᠢᠶᠠᠷ ᠦᠨᠡᠨᠴᠢ ᠰᠢᠳᠤᠷᠭᠤ ᠶᠢ | ᠢᠯᠡᠷᠡᠭᠦᠯᠵᠦ᠂ ᠬᠥᠭᠵᠢᠯᠲᠡ ᠪᠠᠷ ᠡᠭᠦᠷᠭᠡᠯᠡᠯ ᠢᠶᠠᠨ ᠢᠯᠡᠷᠡᠭᠦᠯᠵᠦ᠂ ᠠᠮᠵᠢᠯᠲᠠ ᠪᠠᠷ ᠨᠠᠶᠢᠳᠠᠪᠤᠷᠢᠵᠢᠭᠤᠯᠤᠯᠲᠠ ᠶᠢ | ᠢᠯᠡᠷᠡᠭᠦᠯᠬᠦ ᠬᠡᠷᠡᠭᠲᠡᠢ᠃ ᠠᠵᠤ ᠠᠬᠤᠢ ᠶᠢᠨ ᠠᠵᠢᠯᠯᠠᠭᠠᠨ ᠤ ᠲᠤᠬᠢᠷᠠᠭᠤᠯᠤᠯᠳᠠ ᠶᠢ ᠴᠢᠩᠭᠠᠳᠬᠠᠵᠤ᠂ ᠴᠢᠬᠤᠯᠠ ᠶᠡᠭᠡ | ᠲᠦᠷᠦᠯ ᠵᠦᠢᠯ ᠤᠨ ᠭᠠᠷᠳᠠᠮ ᠢ ᠭᠦᠢᠴᠡᠳᠬᠡᠬᠦ ᠪᠠ ᠪᠦᠳᠦᠭᠡᠨ ᠪᠠᠶᠢᠭᠤᠯᠤᠯᠲᠠ ᠶᠢᠨ ᠠᠬᠢᠴᠠ ᠶᠢ ᠪᠦᠬᠦ ᠬᠦᠴᠦᠨ ᠢᠶᠠᠷ | ᠠᠬᠢᠭᠤᠯᠵᠤ᠂ ︽ᠰᠠᠶᠢᠨ ᠡᠬᠢᠯᠡᠯᠲᠡ︾᠂ ︽ᠤᠯᠠᠷᠢᠯ ᠤᠨ ᠰᠠᠶᠢᠨ ᠡᠬᠢᠯᠡᠯᠲᠡ︾᠂ ︽ᠪᠦᠬᠦ ᠵᠢᠯ ᠳᠤ ᠰᠠᠶᠢᠨ | ᠪᠠᠶᠢᠬᠤ︾ ᠶᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ᠠᠵᠤ ᠠᠬᠤᠶᠢᠯᠠᠯ ᠢ ᠳᠡᠮᠵᠢᠬᠦ ᠠᠵᠢᠯᠯᠠᠭ᠎ᠠ ᠪᠠᠷ ᠬᠥᠲᠥᠯᠦᠮᠵᠢ | ᠪᠣᠯᠭᠠᠵᠤ᠂ ᠤᠷᠳᠤ ᠬᠤᠭᠤᠴᠠᠭᠠᠨ ᠤ ᠪᠦᠲᠦᠮᠵᠢᠲᠡᠢ ᠦᠢᠯᠡᠴᠢᠯᠡᠭᠡᠨ ᠤ ᠲᠣᠭᠲᠠᠴᠠ ᠶᠢ ᠪᠦᠷᠢᠨᠰᠢᠬᠦᠯᠵᠦ᠂ | ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠲᠦᠷᠦ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠠᠶᠤᠯᠭᠦᠢ | ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠤᠨ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠵᠣᠷᠢᠭ | ᠰᠠᠨᠠᠭ᠎ᠠ ᠶᠢ ᠤᠯᠠᠮᠵᠢᠯᠠᠵᠤ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠴᠢᠨᠠᠭᠰᠢᠳᠠ ᠪᠣᠳᠠᠲᠠᠶᠢᠵᠢᠭᠤᠯᠵᠤ᠂ | ᠭᠤᠣᠯᠳᠠᠯᠭ᠎ᠠ ᠲᠠᠢ ᠬᠦᠷᠢᠶ᠎ᠡ᠂ ᠭᠤᠣᠯᠳᠠᠯᠭ᠎ᠠ ᠲᠠᠢ ᠲᠠᠯᠠᠪᠤᠷ ᠲᠤ ᠠᠩᠬᠠᠷᠤᠯ ᠢᠶᠠᠨ ᠲᠥᠪᠯᠡᠷᠡᠭᠦᠯᠵᠦ᠂ ︽ᠡᠷᠬᠢᠨ | ᠬᠠᠷᠠᠬᠤ︾ ᠠᠵᠢᠯ ᠢ ᠰᠢᠰᠲ᠋ᠧᠮ ᠲᠠᠢ ᠥᠷᠨᠢᠭᠦᠯᠵᠦ᠂ ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ | ᠭᠤᠷᠪᠠᠨ ᠵᠢᠯ ᠤᠨ ᠠᠵᠢᠯᠯᠠᠭ᠎ᠠ ᠶᠢᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠨᠠᠷᠢᠨ ᠬᠢᠨᠠᠮᠠᠭᠠᠢ | ᠨᠠᠶᠢᠳᠠᠪᠤᠷᠢᠵᠢᠭᠤᠯᠬᠤ ᠶᠢ ᠠᠬᠢᠭᠤᠯᠵᠤ᠂ ᠠᠶᠤᠯᠭᠦᠢ ᠦᠢᠯᠡᠳᠪᠦᠷᠢᠯᠡᠯ ᠤᠨ ᠬᠤᠷᠢᠭ᠎ᠠ ᠱᠤᠭᠤᠮ ᠤᠯᠠᠭᠠᠨ ᠱᠤᠭᠤᠮ ᠢ | ᠪᠠᠲᠤ ᠰᠠᠬᠢᠬᠤ ᠬᠡᠷᠡᠭᠲᠡᠢ ᠭᠡᠵᠦ ᠱᠠᠭᠠᠷᠳᠠᠪᠠ᠃ | ᠬᠤᠷᠠᠯ ᠠᠴᠠ ᠣᠷᠣᠰᠢᠭᠤᠯᠭ᠎ᠠ ᠶᠢᠨ ᠬᠦᠷᠢᠶᠡᠨ ᠳᠠᠬᠢ ᠢᠯᠵᠠᠷᠠᠯ ᠤᠨ ᠡᠮᠬᠢ ᠵᠠᠮᠪᠠᠷᠠᠭ᠎ᠠ ᠦᠭᠡᠢ ᠦᠵᠡᠭᠳᠡᠯ ᠢ | ᠲᠤᠰᠬᠠᠢ ᠴᠡᠭᠴᠡᠯᠡᠨ ᠵᠠᠰᠠᠭᠰᠠᠨ᠂ ᠳᠤᠮᠳᠠᠳᠤ ᠪᠠᠭ᠎ᠠ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ | ᠪᠠ ᠢᠳᠡᠭᠡᠨ ᠤᠮᠳᠠᠭᠠᠨ ᠤ ᠵᠠᠷᠤᠳᠠᠯ ᠤᠨ ᠬᠠᠮᠢᠶᠠᠷᠤᠯᠲᠠ ᠶᠢᠨ ᠲᠤᠪᠤᠶᠢᠮ᠎ᠠ ᠠᠰᠠᠭᠤᠳᠠᠯ ᠢ ᠲᠤᠰᠬᠠᠢ ᠴᠡᠭᠴᠡᠯᠡᠨ | ᠵᠠᠰᠠᠭᠰᠠᠨ ᠠᠬᠢᠴᠠ ᠶᠢᠨ ᠪᠠᠶᠢᠳᠠᠯ ᠢ ᠰᠣᠨᠣᠰᠴᠤ᠂ ᠤᠯᠤᠰ ᠲᠦᠷᠦ ᠶᠢᠨ ᠵᠣᠭᠰᠣᠴᠠ ᠪᠠᠨ ᠦᠨᠡᠨ ᠬᠦ | ᠳᠡᠭᠡᠭᠰᠢᠯᠡᠭᠦᠯᠵᠦ ᠴᠡᠭᠴᠡᠯᠡᠨ ᠰᠠᠶᠢᠵᠢᠷᠠᠭᠤᠯᠬᠤ ᠶᠢ ᠠᠳᠬᠤᠵᠤ᠂ ᠳᠡᠭᠡᠳᠦ ᠲᠤᠤᠷᠠᠳᠤ ᠱᠠᠳᠤ ᠪᠠᠷ ᠢᠶᠠᠨ ᠬᠤᠯᠪᠣᠭᠠᠯᠠᠨ | ᠬᠥᠳᠡᠯᠦᠯᠴᠡᠵᠦ ᠬᠦᠴᠦ ᠪᠠᠨ ᠬᠠᠮᠲᠤᠳᠬᠠᠨ ᠪᠣᠭᠤᠮᠲᠠ ᠰᠢᠪᠲᠤᠯᠵᠤ ᠴᠡᠭᠴᠡᠯᠡᠨ ᠰᠠᠶᠢᠵᠢᠷᠠᠭᠤᠯᠬᠤ ᠶᠢ ᠠᠳᠬᠤᠵᠤ᠂ | ᠴᠢᠳᠠᠮᠠᠭᠠᠢ ᠪᠠᠷ ᠣᠯᠣᠯᠴᠠᠵᠤ ᠴᠢᠳᠠᠮᠠᠭᠠᠢ ᠪᠠᠷ ᠬᠠᠷᠢᠭᠤ ᠮᠡᠳᠡᠭᠦᠯᠵᠦ ᠴᠡᠭᠴᠡᠯᠡᠨ ᠰᠠᠶᠢᠵᠢᠷᠠᠭᠤᠯᠬᠤ ᠶᠢ ᠠᠳᠬᠤᠵᠤ᠂ | ᠨᠢᠭᠡ ᠠᠴᠠ ᠨᠦᠬᠦᠭᠡ ᠶᠢ ᠵᠦᠢᠴᠢᠯᠡᠨ ᠴᠡᠭᠴᠡᠯᠡᠨ ᠰᠠᠶᠢᠵᠢᠷᠠᠭᠤᠯᠬᠤ ᠶᠢ ᠠᠳᠬᠤᠵᠤ᠂ ᠴᠡᠭᠴᠡᠯᠡᠨ ᠵᠠᠰᠠᠬᠤ ᠠᠵᠢᠯ ᠤᠨ | ᠪᠣᠳᠠᠲᠤ ᠦᠷ᠎ᠡ ᠪᠦᠲᠦᠮᠵᠢ ᠤᠯᠬᠤ ᠶᠢ ᠪᠠᠲᠤᠯᠠᠵᠤ᠂ ᠠᠷᠠᠳ ᠤᠯᠠᠨ ᠳᠤ ᠦᠨᠡᠨᠬᠦ ᠠᠰᠢᠭ ᠬᠦᠷᠲᠡᠭᠡᠬᠦ ᠬᠡᠷᠡᠭᠲᠡᠢ | ᠭᠡᠵᠦ ᠴᠢᠬᠤᠯᠠᠴᠢᠯᠠᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ | ᠣᠷᠴᠢᠭᠤᠯᠤᠭᠴᠢ᠄ ᠭᠤᠸ᠎ᠠ | ᠬᠢᠨᠠᠭᠴᠢ᠄ ᠠᠷᠢᠭᠤᠨ |