ᠯᠢᠶᠠᠩᠴᠧᠩ ᠰᠢᠶᠠᠨ ᠤ ᠲᠧ ᠯᠠᠶ ᠳ᠋ᠢᠶᠠᠨ ᠴᠠᠬᠢᠯᠭᠠᠨ ᠴᠡᠨᠡᠭᠯᠡᠬᠦ ᠪᠠᠭᠠᠨ᠎ᠠ ᠶᠢᠨ ᠲᠥᠷᠥᠯ ᠵᠦᠢᠯ ᠵᠢᠩᠬᠢᠨᠢ ᠪᠠᠷ ᠭᠡᠷ᠎ᠡ ᠲᠣᠭᠲᠠᠪᠠ
ᠨᠡᠶᠢᠲᠡᠯᠡᠭᠰᠡᠨ ᠴᠠᠭ᠄
2025/3/24
         ᠣᠶᠢᠷ᠎ᠠ ᠳᠤ᠂ ᠯᠢᠶᠠᠩᠴᠧᠩ ᠰᠢᠶᠠᠨ ᠤ ᠠᠷᠠᠳ ᠤᠨ ᠵᠠᠰᠠᠭ ᠤᠨ ᠣᠷᠳᠣᠨ ᠪᠣᠯᠤᠨ ᠴᠢᠩᠳᠣᠤ ᠶᠢᠨ ᠲᠧ ᠯᠠᠶ ᠳ᠋ᠢᠶᠠᠨ ᠤ ᠰᠢᠨ᠎ᠡ ᠡᠨᠧᠷᠭᠢ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠯᠢᠶᠠᠩᠴᠧᠩ ᠰᠢᠶᠠᠨ ᠤ ᠲᠧ ᠯᠠᠶ ᠳ᠋ᠢᠶᠠᠨ ᠴᠠᠬᠢᠯᠭᠠᠨ ᠴᠡᠨᠡᠭᠯᠡᠬᠦ ᠪᠠᠭᠠᠨ᠎ᠠ ᠶᠢᠨ ᠲᠥᠷᠥᠯ ᠵᠦᠢᠯ ᠤᠨ ᠲᠤᠬᠠᠶ ᠵᠢᠩᠬᠢᠨᠢ ᠪᠠᠷ ᠭᠡᠷ᠎ᠡ ᠲᠣᠭᠲᠠᠪᠠ᠃ ᠲᠧ ᠯᠠᠢ ᠳ᠋ᠢᠶᠠᠨ ᠰᠢᠨ᠎ᠡ ᠡᠨᠧᠷᠭᠢ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠲᠥᠯᠥᠭᠡᠯᠡᠭᠴᠢ ᠭᠧ ᠲᠢᠩ ᠲᠢᠩ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠪᠠᠢ ᠯᠢ ᠵᠢᠶᠦ᠋ᠨ ᠶᠣᠰᠣᠯᠠᠯ ᠳᠤ ᠣᠷᠣᠯᠴᠠᠭᠰᠠᠨ ᠪᠥᠭᠡᠳ ᠭᠠᠷ ᠤᠨ ᠦᠰᠦᠭ ᠵᠢᠷᠤᠪᠠ᠃    ᠲᠣᠰ ᠲᠥᠷᠥᠯ ᠵᠦᠢᠯ ᠨᠢ ᠵᠢᠱᠢᠯᠲᠡ ᠪᠠᠷ 3000 ᠲᠦᠮᠡᠨ ᠲᠥᠭᠦᠷᠢᠭ ᠤᠨ ᠪᠠᠯᠠ ᠣᠷᠣᠭᠤᠯᠵᠤ᠂ ᠯᠢᠶᠠᠩᠴᠧᠩ ᠰᠢᠶᠠᠨ ᠤ ᠰᠢᠶᠠᠨ ᠤ ᠬᠤᠲᠠ ᠶᠢᠨ ᠣᠯᠠᠨ ᠨᠡᠶᠢᠲᠡ ᠶᠢᠨ ᠣᠷᠣᠨ ᠪᠦᠰᠡ ᠳᠤ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠴᠠᠬᠢᠯᠭᠠᠨ ᠴᠡᠨᠡᠭᠯᠡᠬᠦ ᠪᠠᠭᠠᠨ᠎ᠠ ᠶᠢ ᠪᠠᠶᠢᠷᠢᠰᠢᠭᠤᠯᠵᠤ᠂ ᠲᠥᠷᠥᠯ ᠵᠦᠢᠯ ᠪᠠᠶᠢᠭᠤᠯᠤᠭᠳᠠᠭᠰᠠᠨ ᠤ ᠳᠠᠷᠠᠭ᠎ᠠ ᠰᠠᠭᠤᠭᠠᠯᠢ ᠠᠷᠠᠳ ᠤᠨ ᠪᠣᠬᠢᠷᠲᠤᠯ ᠥᠬᠡᠶ ᠶᠠᠪᠤᠵᠤ ᠰᠠᠭᠤᠬᠤ ᠳᠤ ᠶᠡᠬᠡᠪᠡᠷ ᠲᠥᠬᠦᠮ ᠦᠵᠡᠭᠦᠯᠵᠦ᠂ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠬᠡᠷᠡᠭᠯᠡᠭᠴᠢ ᠶᠢᠨ ︽ᠵᠠᠮ ᠤᠨ ᠵᠣᠪᠠᠨᠢᠯ︾ ᠢ ᠰᠢᠢᠳᠪᠦᠷᠢᠯᠡᠵᠦ ᠴᠢᠳᠠᠬᠤ ᠪᠥᠭᠡᠳ ᠲᠤᠬᠠᠶ ᠶᠢᠨ ᠭᠠᠵᠠᠷ ᠤᠨ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠴᠠᠬᠢᠯᠭᠠᠨ ᠴᠡᠨᠡᠭᠯᠡᠬᠦ ᠰᠦᠯᠵᠢᠶᠡᠨ ᠤ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ ᠪᠣᠬᠢᠷᠲᠤᠯ ᠥᠬᠡᠶ ᠵᠠᠮ ᠬᠠᠷᠢᠯᠴᠠᠭᠠᠨ ᠤ ᠬᠥᠭᠵᠢᠯᠲᠡ ᠶᠢ ᠠᠬᠢᠭᠤᠯᠵᠤ᠂ ᠯᠢᠶᠠᠩᠴᠧᠩ ᠰᠢᠶᠠᠨ ᠤ ᠳᠤᠤᠷ᠎ᠠ ᠨᠡᠭᠦᠷᠡᠰᠦᠲᠥ᠋ᠷᠥᠭᠴᠢᠲᠦ ᠬᠡᠯᠪᠡᠷᠢ ᠶᠢᠨ ᠬᠤᠪᠢᠷᠠᠭᠤᠯᠤᠯᠲᠠ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠨ᠎ᠠ᠃                       ᠤᠷᠴᠢᠭᠤᠯᠤᠭᠴᠢ᠄ ᠬᠦᠰᠡᠯ                       ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠣᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2