ᠵᠢᠨᠢᠩ ᠲᠣᠭᠤᠷᠢᠭ᠄ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠯᠡᠵᠦ ᠦᠷ᠎ᠡ ᠠᠰᠢᠭ ᠢ ᠨᠡᠮᠡᠭᠳᠡᠭᠦᠯᠵᠤ ᠳᠤ ᠦᠨᠳᠦᠰᠦᠨ ᠱᠠᠲᠤᠨ ᠤ ︽ᠮᠡᠳᠡᠷᠡᠯ ᠤᠨ ᠰᠡᠵᠢᠭᠦᠷ︾ ᠢ ᠬᠥᠭᠵᠢᠭᠡᠪᠡ
ᠨᠡᠶᠢᠲᠡᠯᠡᠭᠰᠡᠨ ᠴᠠᠭ᠄
2025/3/25
           ᠣᠶᠢᠷ᠎ᠠ ᠶᠢᠨ ᠵᠢᠯ ᠠᠴᠠ᠂ ᠵᠢᠨᠢᠩ ᠲᠣᠭᠤᠷᠢᠭ ᠨᠢ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠶᠢ ᠥᠩᠭᠡᠨ ᠲᠠᠯ᠎ᠠ ᠶᠢ ᠵᠠᠰᠠᠬᠤ ᠠᠴᠠ ᠡᠬᠢ ᠡᠭᠦᠰᠦᠯ ᠠᠴᠠ ᠨᠢ ᠰᠢᠢᠳᠪᠦᠷᠢᠯᠡᠬᠦ ᠠᠷᠭ᠎ᠠ ᠵᠠᠮ ᠢ ᠢᠳᠡᠪᠬᠢᠲᠡᠶ ᠰᠦᠪᠡᠭᠴᠢᠯᠡᠵᠦ᠂ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠠᠵᠢᠯ ᠢ ᠠᠬᠢᠭᠤᠯᠵᠤ᠂ ᠠᠯᠢ ᠣᠯᠠᠨ ᠬᠦᠴᠦᠲᠡᠶ ᠠᠷᠭ᠎ᠠ ᠬᠡᠮᠵᠢᠶ᠎ᠡ ᠪᠠᠷ ᠦᠨᠳᠦᠰᠦᠨ ᠱᠠᠲᠤᠨ ᠤ ᠺᠠᠳ᠋ᠷ ᠤᠨ ᠳᠠᠷᠤᠭᠠᠰᠤ ᠶᠢ ᠬᠥᠩᠭᠡᠷᠡᠭᠦᠯᠵᠦ᠂ ᠦᠨᠳᠦᠰᠦᠨ ᠱᠠᠲᠤᠨ ᠤ ᠠᠮᠢᠵᠢᠷᠠᠯ ᠤᠨ ᠬᠦᠴᠦᠨ ᠢ ᠬᠥᠭᠵᠢᠭᠡᠪᠡ᠃    ᠵᠢᠨᠢᠩ ᠲᠣᠭᠤᠷᠢᠭ ᠫᠠᠶᠢᠰᠠ ᠠᠪᠬᠤ᠂ ᠬᠡᠷᠡᠮ ᠢ ᠴᠡᠪᠡᠷᠯᠡᠬᠦ᠂ ᠰᠦᠷᠦᠭᠵᠢᠯ ᠢ ᠴᠡᠪᠡᠷᠯᠡᠬᠦ ᠵᠡᠷᠭᠡ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠦᠨᠳᠦᠰᠦᠨ ᠱᠠᠲᠤᠨ ᠤ ᠠᠵᠢᠯ ᠤᠨ ᠶᠠᠪᠤᠳᠠᠯ ᠢ ᠦᠷᠭᠦᠯᠵᠢᠯᠡᠨ ᠵᠢᠷᠤᠮᠵᠢᠭᠤᠯᠵᠤ᠂ ᠦᠢᠯᠡᠴᠢᠯᠡᠬᠡᠨ ᠤ ᠬᠢᠷᠢ ᠲᠦᠪᠰᠢᠨ ᠢ ᠠᠬᠢᠭᠤᠯᠵᠤ᠂ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠨᠡᠶᠢᠭᠡᠮ ᠲᠣᠭᠤᠷᠢᠭ ᠤᠨ ᠠᠵᠢᠯ ᠤᠨ ᠳᠠᠷᠤᠭᠠᠰᠤ ᠶᠢ ᠦᠨᠡᠨ ᠬᠦ ᠬᠥᠩᠭᠡᠷᠡᠭᠦᠯᠪᠡ᠃ ᠡᠳᠦᠭᠡ᠂ ᠵᠢᠶᠠ ᠶᠤᠸᠠᠨ ᠨᠡᠶᠢᠭᠡᠮ ᠲᠣᠭᠤᠷᠢᠭ ᠢᠶᠠᠷ ᠵᠢᠱᠢᠶᠡᠯᠡᠪᠡᠯ᠂ ᠲᠣᠰ ᠨᠡᠶᠢᠭᠡᠮ ᠲᠣᠭᠤᠷᠢᠭ ᠲᠤ ᠵᠥᠪᠬᠡᠨ ︽ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ᠂ ᠰᠠᠭᠤᠭᠠᠯᠢ ᠠᠷᠠᠳ ᠤᠨ ᠵᠥᠪᠯᠡᠯ᠂ ᠰᠠᠭᠤᠭᠠᠯᠢ ᠠᠷᠠᠳ ᠤᠨ ᠶᠠᠪᠤᠳᠠᠯ ᠤᠨ ᠬᠢᠨᠠᠯᠲᠠ ᠲᠠᠯᠪᠢᠬᠤ ᠵᠥᠪᠯᠡᠯ︾ ᠭᠡᠬᠦ 3 ᠲᠡᠮᠳᠡᠭ ᠪᠠ ︽ᠨᠡᠶᠢᠭᠡᠮ ᠲᠣᠭᠤᠷᠢᠭ ᠤᠨ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ᠂ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠥᠷᠲᠡᠭᠡ︾ ᠭᠡᠬᠦ 2 ᠲᠡᠮᠳᠡᠭ ᠡᠯᠭᠦᠵᠡᠶ᠃ ᠡᠯ᠎ᠡ ᠴᠢᠳᠠᠮᠵᠢᠳᠤ ᠲᠠᠰᠤᠭ ᠨᠢ ︽ᠨᠢᠭᠡ ᠥᠷᠥᠭᠡ ᠨᠢᠭᠡ ᠫᠠᠶᠢᠰᠠ︾ ᠶᠢ ᠪᠠᠷᠢᠮᠲᠠᠯᠠᠵᠤ᠂ ᠬᠠᠶᠠᠵᠤ ᠠᠪᠬᠤ ᠶᠤᠰᠤᠳᠠᠢ ᠶᠢ ᠨᠢ ᠪᠦᠬᠦᠨ ᠢ ᠠᠪᠴᠤ ᠬᠠᠶᠠᠨ᠂ ᠡᠯᠭᠦᠪᠡᠰᠦ ᠵᠣᠬᠢᠬᠤ ᠶᠢ ᠨᠢ ᠪᠦᠬᠦᠨ ᠢ ᠡᠯᠭᠦᠵᠦ᠂ ︽ᠫᠠᠶᠢᠰᠠ ᠳᠦᠭᠦᠷᠡᠩ ᠬᠡᠷᠡᠮ︾ ᠤᠨ ᠠᠷᠬᠠᠭ ᠬᠡᠮ ᠢ ᠦᠨᠡᠨ ᠬᠦ ᠦᠨᠳᠦᠰᠦᠨ ᠠᠴᠠ ᠨᠢ ᠴᠡᠭᠴᠡᠯᠡᠨ ᠵᠠᠰᠠᠵᠤ᠂ ᠨᠡᠶᠢᠭᠡᠮ ᠲᠣᠭᠤᠷᠢᠭ ᠠᠴᠠ ᠡᠯᠬᠦᠭᠰᠡᠨ ᠨᠢ ᠫᠠᠶᠢᠰᠠ᠂ ᠨᠥᠬᠦᠪᠤᠷᠢᠯᠡᠭᠰᠡᠨ ᠨᠢ ᠦᠢᠯᠡᠴᠢᠯᠡᠭᠡ ᠪᠠᠶᠢᠵᠤ᠂ ᠦᠨᠳᠦᠰᠦᠨ ᠱᠠᠲᠤ ︽ᠠᠴᠢᠶ᠎ᠠ ᠬᠥᠩᠭᠡᠨ ᠢᠶᠠᠷ ᠤᠷᠤᠭᠰᠢᠯᠠᠵᠤ︾᠂ ᠠᠵᠢᠯ ᠶᠠᠪᠤᠳᠠᠯ ᠬᠢᠬᠦ ᠪᠠᠷ ᠢᠷᠡᠭᠰᠡᠨ ᠰᠠᠭᠤᠭᠠᠯᠢ ᠠᠷᠠᠳ ᠢ ᠴᠤ ᠦᠵᠡᠪᠡᠯ ᠤᠶᠢᠯᠠᠭᠠᠳᠠᠭ ᠪᠠᠶᠢᠯᠭᠠᠨ᠎ᠠ᠃    ᠦᠨᠳᠦᠰᠦᠨ ᠱᠠᠲᠤ ᠪᠣᠯ ᠨᠠᠮ ᠪᠠ ᠤᠯᠤᠰ ᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ︽ᠡᠴᠦᠰ ᠤᠨ ᠨᠢᠭᠡ ᠺᠢᠯᠤᠮᠧᠲᠷ︾ ᠮᠥᠨ᠂ ᠠᠷᠠᠳ ᠢᠶᠠᠷ ᠦᠨᠳᠦᠰᠦ ᠪᠣᠯᠭᠠᠬᠤ ︽ᠠᠷᠠᠳ ᠤᠨ ᠰᠠᠨᠠᠭ᠎ᠠ ᠶᠢ ᠥᠴᠦᠬᠡᠨ ᠴᠦ ᠵᠠᠶᠢᠳᠠᠭᠤᠯᠬᠤ ᠦᠬᠡᠢ︾ ᠪᠠᠶᠢᠬᠤ ᠶᠢ ᠬᠡᠮᠵᠢᠵᠤ᠂ ᠪᠠᠰᠠ ᠴᠤ ᠠᠷᠠᠳ ᠣᠯᠠᠨ ᠳᠤ ᠦᠢᠯᠡᠴᠢᠯᠡᠬᠦ ︽ᠨᠢᠭᠡᠳᠦᠭᠡᠷ ᠹᠷᠣᠨᠲ ᠤᠨ ᠪᠠᠬᠢᠯᠡᠯᠲᠡ︾ ᠮᠥᠨ᠃ ᠵᠢᠨᠢᠩ ᠲᠣᠭᠤᠷᠢᠭ ᠦᠨᠳᠦᠰᠦᠨ ᠱᠠᠲᠤᠨ ᠤ ︽ᠴᠢᠳᠠᠯ ᠠᠴᠠ ᠪᠠᠨ ᠬᠡᠳᠦᠷᠡᠬᠦ︾ ᠬᠦᠴᠢᠷ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠫᠠᠶᠢᠰᠠ ᠶᠢ ᠬᠠᠶᠠᠵᠤ᠂ ᠰᠦᠷᠦᠭᠵᠢᠯ ᠢ ᠪᠠᠭᠠᠰᠬᠠᠵᠤ᠂ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠴᠢᠳᠠᠪᠤᠷᠢ ᠣᠯᠭᠤᠵᠤ᠂ ᠦᠷ᠎ᠡ ᠠᠰᠢᠭ ᠢ ᠨᠡᠮᠡᠭᠳᠡᠭᠦᠯᠵᠦ᠂ ᠨᠡᠶᠢᠭᠡᠮ ᠲᠣᠭᠤᠷᠢᠭ ᠲᠤ ︽ᠬᠦᠯᠢᠶᠡᠰᠦ ᠶᠢ ᠰᠤᠯᠠᠷᠠᠭᠤᠯᠵᠤ︾᠂ ᠦᠨᠳᠦᠰᠦᠨ ᠱᠠᠲᠤᠨ ᠤ ︽ᠳᠠᠷᠤᠭᠠᠰᠤ ᠶᠢ ᠬᠦᠩᠭᠡᠷᠡᠬᠦᠯᠬᠦ︾ ᠶᠢ ᠦᠨᠳᠦᠰᠦᠨ ᠱᠠᠲᠤᠨ ᠤ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠦᠭᠰᠡᠨ ᠢᠶᠠᠷ ᠪᠠᠷᠠᠬᠤ ᠥᠬᠡᠶ᠂ ᠺᠠᠳ᠋ᠷ ᠣᠯᠠᠨ ᠲᠦᠮᠡᠨ ᠤ ᠬᠠᠷᠢᠴᠠᠭ᠎ᠠ ᠶᠢ ᠨᠠᠩ ᠨᠢᠭᠲᠠᠷᠠᠭᠤᠯᠵᠤ᠂ ᠠᠷᠠᠳ ᠤᠨ ᠠᠮᠢᠳᠤᠷᠠᠯ ᠤᠨ ᠦᠢᠯᠡᠴᠢᠯᠡᠭᠡ ᠶᠢ ᠨᠠᠩ ᠬᠠᠶᠢᠷ᠎ᠠ ᠰᠡᠳᠬᠢᠯᠭᠡ ᠲᠠᠢ ᠪᠣᠯᠭᠠᠪᠠ᠃       ᠤᠷᠴᠢᠭᠤᠯᠤᠭᠴᠢ᠄ ᠬᠦᠰᠡᠯ       ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠣᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2