ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠦᠮᠦᠵᠢᠯ᠄ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/3/25
    3 ᠰᠠᠷ᠎ᠠ ᠶᠢᠨ 21 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠵᠧᠦ ᠺᠠᠢ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠬᠢᠯᠡᠨ ᠬᠤᠷᠠᠯᠳᠤᠭᠤᠯᠵᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠵᠡᠷᠭᠡ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃     ᠬᠤᠷᠠᠯ ᠠᠴᠠ ︽ᠪᠦᠬᠦ ᠨᠠᠮ ᠳᠤ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭᠠᠨ ᠤ ᠰᠤᠷᠤᠯᠴᠠᠯᠭ᠎ᠠ ᠬᠥᠮᠦᠵᠢᠯ ᠢ ᠭᠦᠨᠵᠡᠭᠡᠢ ᠥᠷᠨᠢᠭᠦᠯᠬᠦ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ︾᠂ 3 ᠰᠠᠷ᠎ᠠ ᠶᠢᠨ 12 ᠤᠨ ᠡᠳᠦᠷ ᠲᠥᠪ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠤᠨ ᠵᠣᠷᠢᠭ ᠰᠠᠨᠠᠭ᠎ᠠ ᠵᠢᠴᠢ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠬᠤᠷᠠᠯ᠂ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠪᠦᠬᠦ ᠬᠤᠳᠠ ᠳᠤ ᠲᠥᠪ ᠤᠨ ᠨᠠᠢᠮᠠᠨ ᠵᠤᠷᠪᠤᠰ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠲᠤᠬᠠᠢ ᠠᠵᠢᠯ ᠤᠨ ᠲᠥᠰᠦᠯ︾ ᠢ ᠬᠢᠨᠠᠨ ᠵᠥᠪᠯᠡᠵᠦ᠂ ᠭᠤᠣᠯ ᠰᠡᠳᠦᠪ ᠲᠤ ᠠᠩᠬᠠᠷᠤᠯ ᠢᠶᠠᠨ ᠲᠥᠪᠯᠡᠷᠡᠭᠦᠯᠵᠦ᠂ ᠰᠤᠷᠤᠯᠴᠠᠨ ᠪᠠᠶᠢᠴᠠᠭᠠᠵᠤ ᠥᠭᠡᠷᠡᠴᠢᠯᠡᠬᠦ ᠶᠢ ᠨᠢᠭᠡ ᠴᠤᠭᠴᠠᠵᠢᠭᠤᠯᠤᠨ ᠠᠬᠢᠭᠤᠯᠵᠤ᠂ ᠰᠤᠷᠤᠯᠴᠠᠯᠭ᠎ᠠ ᠬᠥᠮᠦᠵᠢᠯ ᠤᠨ ᠡᠯ᠎ᠡ ᠵᠦᠢᠯ ᠤᠨ ᠡᠭᠦᠷᠭᠡ ᠶᠢ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠢ ᠪᠡᠶᠡᠯᠡᠭᠦᠯᠬᠦ ᠬᠡᠷᠡᠭᠲᠡᠢ︔ ᠨᠢᠭᠡᠳᠦᠯᠲᠡᠢ ᠲᠥᠯᠥᠪᠵᠢᠭᠦᠯᠬᠦ ᠪᠠᠨ ᠴᠢᠩᠭᠠᠳᠬᠠᠵᠤ᠂ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢᠶᠠᠷ ᠮᠠᠨ ᠤ ᠬᠤᠳᠠ ᠶᠢᠨ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠬᠤ ᠬᠡᠷᠡᠭᠲᠡᠢ︔ ᠨᠠᠷᠢᠨ ᠨᠢᠮᠪᠠᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠡᠯᠪᠡᠷᠢᠴᠢ ᠦᠵᠡᠯ ᠢ ᠴᠢᠩᠭ᠎ᠠ ᠴᠡᠭᠡᠷᠯᠡᠵᠦ᠂ ᠪᠦᠬᠦ ᠬᠤᠳᠠ ᠶᠢᠨ ᠰᠤᠷᠤᠯᠴᠠᠯᠭ᠎ᠠ ᠬᠥᠮᠦᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃     ᠬᠤᠷᠠᠯ ᠠᠴᠠ ︽ᠦᠨᠡᠨ︾ ᠰᠡᠳᠬᠦᠯ ᠤᠨ ᠨᠡᠶᠢᠲᠡᠯᠡᠭᠰᠡᠨ ᠶᠡᠷᠦᠩᠬᠡᠶ ᠱᠦᠵᠢ ᠰᠢ ᠶᠢᠨ ᠫᠢᠩ ᠤᠨ ︽ᠠᠵᠤ ᠠᠬᠤᠢ ᠶᠢᠨ ᠠᠵᠢᠯ ᠳᠤ ᠡᠷᠬᠡᠪᠰᠢ ᠬᠡᠳᠦᠨ ᠬᠤᠣᠰ ᠴᠢᠬᠤᠯᠠ ᠬᠠᠷᠢᠴᠠᠭ᠎ᠠ ᠶᠢ ᠰᠠᠶᠢᠲᠤᠷ ᠨᠢᠭᠡᠳᠦᠯᠲᠡᠢ ᠲᠥᠯᠥᠪᠵᠢᠭᠦᠯᠬᠦ︾᠂ ︽︿ᠬᠤᠶᠠᠷ ᠢ ᠭᠤᠶᠢᠪᠢᠰᠢ ᠦᠭᠡᠢ﹀ ᠶᠢ ᠪᠠᠷᠢᠮᠲᠠᠯᠠᠬᠤ ᠪᠠ ᠨᠠᠶᠢᠳᠠᠪᠤᠷᠢᠵᠢᠭᠤᠯᠬᠤ︾ ᠵᠡᠷᠭᠡ ᠴᠢᠬᠤᠯᠠ ᠵᠣᠬᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠨᠢᠭᠡᠳᠦᠯᠲᠡᠢ ᠲᠥᠯᠥᠪᠵᠢᠭᠦᠯᠬᠦ ᠰᠡᠳᠬᠢᠬᠦᠢ ᠪᠠ ᠠᠷᠭ᠎ᠠ ᠶᠢ ᠬᠡᠷᠡᠭᠯᠡᠬᠦ ᠶᠢ ᠴᠢᠬᠤᠯᠠᠴᠢᠯᠠᠵᠤ᠂ ᠪᠦᠬᠦ ᠬᠤᠳᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ︔ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠪᠠᠷ ᠬᠥᠲᠥᠯᠦᠮᠵᠢ ᠪᠣᠯᠭᠠᠨ ᠡᠯ᠎ᠡ ᠵᠦᠢᠯ ᠤᠨ ᠲᠦᠷᠦ ᠶᠢᠨ ᠪᠤᠳᠤᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠢ ᠦᠨᠡᠨ ᠪᠣᠳᠠᠲᠠᠢ ᠪᠠᠷ ᠬᠠᠪᠰᠤᠷᠤᠨ ᠬᠦᠴᠢᠷᠳᠡᠯᠲᠡᠢ ᠠᠰᠠᠭᠤᠳᠠᠯ ᠢ ᠨᠢ ᠰᠢᠢᠳᠪᠦᠷᠢᠯᠡᠵᠦ ᠥᠭᠬᠦ ᠬᠡᠷᠡᠭᠲᠡᠢ ᠭᠡᠵᠦ ᠴᠢᠬᠤᠯᠠᠴᠢᠯᠠᠪᠠ᠃     ᠬᠤᠷᠠᠯ ᠠᠴᠠ 2024 ᠣᠨ ᠤ ᠪᠥᠬᠦ ᠬᠤᠲᠠ ᠶᠢᠨ ︽ᠲᠠᠪᠤᠨ ᠶᠡᠭᠡ ᠡᠭᠦᠷᠭᠡ︾ ᠶᠢ ᠪᠡᠶᠡᠯᠡᠭᠦᠯᠬᠦ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ︽ᠲᠠᠪᠤᠨ ᠶᠡᠭᠡ ᠡᠭᠦᠷᠭᠡ︾ ᠶᠢᠨ 2025 ᠣᠨ ᠤ ᠭᠤᠤᠯᠳᠠᠯᠭ᠎ᠠ ᠲᠠᠢ ᠡᠭᠦᠷᠭᠡ ᠶᠢᠨ ᠨᠠᠷᠢᠨ ᠲᠠᠩᠰᠠ ᠶᠢ ᠬᠢᠨᠠᠨ ᠵᠥᠪᠯᠡᠵᠦ᠂ ︽ᠲᠠᠪᠤᠨ ᠶᠡᠭᠡ ᠡᠭᠦᠷᠭᠡ︾ ᠶᠢ ᠪᠡᠶᠡᠯᠡᠭᠦᠯᠬᠦ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠶ ᠲᠠᠨᠢᠵᠤ᠂ ︽ᠲᠠᠪᠤᠨ ᠶᠡᠭᠡ ᠡᠭᠦᠷᠭᠡ︾ ᠶᠢᠨ ᠡᠯ᠎ᠡ ᠵᠦᠢᠯ ᠤᠨ ᠠᠵᠢᠯ ᠳᠤ ᠰᠢᠨ᠎ᠡ ᠰᠢᠪᠲᠤᠯᠤᠯᠲᠠ ᠲᠠᠢ ᠪᠣᠯᠬᠤ ᠶᠢ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃     ᠬᠤᠷᠠᠯ ᠠᠴᠠ ᠪᠦᠬᠦ ᠬᠤᠲᠠ ᠶᠢᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ︽ᠬᠤᠲᠠ ᠶᠢᠨ ᠨᠠᠮ ᠤᠨ ᠬᠤᠷᠢᠶᠠᠨ ᠤ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ 2025 ᠣᠨ ᠤ ᠠᠵᠢᠯ ᠤᠨ ᠭᠤᠣᠯᠳᠠᠯᠭ᠎ᠠ︾ ᠶᠢ ᠬᠢᠨᠠᠨ ᠵᠥᠪᠯᠡᠪᠡ᠃     ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃                                           ᠣᠷᠴᠢᠭᠤᠯᠤᠭᠴᠢ᠄ ᠭᠤᠸ᠎ᠠ                                           ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2