ᠵᠧᠦ ᠺᠠᠢ ᠤᠯᠠᠭᠠᠨᠴᠠᠪ · ᠡᠷᠢᠶᠡᠨ ᠬᠤᠲᠠ ᠶᠢᠨ ᠤᠯᠤᠰ ᠤᠨ ᠪᠠᠷᠠᠭᠠᠨ ᠤ ᠭᠦᠢᠯᠭᠡᠭᠡᠨ ᠤ ᠬᠦᠢᠰᠦ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠪᠠ ᠪᠣᠭᠤᠮᠲᠠ ᠬᠢᠭᠡᠳ ᠳᠣᠲᠣᠷ᠎ᠠ ᠭᠠᠵᠠᠷ ᠢ ᠨᠢᠭᠡ ᠴᠣᠭᠴᠠᠵᠢᠭᠤᠯᠤᠨ ᠬᠥᠭᠵᠢᠭᠦᠯᠦᠭᠰᠡᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2025/3/26
    3 ᠰᠠᠷ᠎ᠠ ᠶᠢᠨ 25 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠵᠧᠤ ᠺᠠᠶ ᠳᠣᠯᠣᠳᠤᠭᠠᠷ ᠰᠤᠮᠤ ᠶᠢᠨ ᠣᠯᠠᠨ ᠤᠯᠤᠰ ᠤᠨ ᠪᠠᠷᠠᠭᠠᠨ ᠤ ᠭᠦᠢᠯᠭᠡᠭᠡᠨ ᠤ ᠬᠦᠷᠢᠶᠡᠯᠡᠩ ᠳᠤ ᠭᠦᠨᠵᠡᠭᠡᠶᠢᠷᠡᠵᠦ᠂ ᠤᠯᠠᠭᠠᠨᠴᠠᠪ · ᠡᠷᠢᠶᠡᠨ ᠬᠤᠲᠠ ᠶᠢᠨ ᠤᠯᠤᠰ ᠤᠨ ᠪᠠᠷᠠᠭᠠᠨ ᠤ ᠭᠦᠢᠯᠭᠡᠭᠡᠨ ᠤ ᠬᠦᠢᠰᠦ ᠬᠦᠷᠢᠶᠡᠯᠡᠩ ᠲᠣᠭᠤᠷᠢᠭ ᠤᠨ ᠪᠥᠲᠥᠭᠡᠨ ᠪᠠᠶᠢᠭᠤᠯᠤᠯᠲᠠ ᠪᠠ ᠪᠣᠭᠤᠮᠲᠠ ᠬᠢᠭᠡᠳ ᠳᠣᠲᠣᠷ᠎ᠠ ᠭᠠᠵᠠᠷ ᠢ ᠨᠢᠭᠡ ᠴᠤᠭᠴᠠᠵᠢᠭᠤᠯᠤᠨ ᠬᠥᠭᠵᠢᠭᠦᠯᠦᠭᠰᠡᠨ ᠪᠠᠶᠢᠳᠠᠯ ᠢ ᠪᠠᠶᠢᠴᠠᠭᠠᠨ ᠰᠤᠳᠤᠯᠪᠠ᠃     ᠳᠣᠯᠣᠳᠤᠭᠠᠷ ᠰᠤᠮᠤ ᠶᠢᠨ ᠣᠯᠠᠨ ᠤᠯᠤᠰ ᠤᠨ ᠪᠠᠷᠠᠭᠠᠨ ᠤ ᠭᠦᠢᠯᠭᠡᠭᠡᠨ ᠤ ᠬᠦᠷᠢᠶᠡᠯᠡᠩ ᠳᠤ᠂ ᠵᠧᠤ ᠺᠠᠶ ᠬᠦᠷᠢᠶᠡᠯᠡᠩ ᠲᠣᠭᠤᠷᠢᠭ ᠤᠨ ᠴᠢᠳᠠᠮᠵᠢ ᠶᠢᠨ ᠪᠠᠶᠢᠷᠢᠰᠢᠭᠤᠯᠤᠯᠲᠠ᠂ ᠪᠠᠷᠢᠮᠵᠢᠶᠠᠵᠢᠭᠰᠠᠨ ᠦᠢᠯᠡᠳᠪᠦᠷᠢ ᠶᠢᠨ ᠪᠠᠶᠢᠰᠢᠩ ᠤᠨ ᠪᠥᠲᠥᠭᠡᠨ ᠪᠠᠶᠢᠭᠤᠯᠤᠯᠲᠠ ᠵᠡᠷᠭᠡ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠭᠰᠡᠨ ᠪᠥᠭᠡᠳ ᠬᠠᠷᠠᠮᠥ᠋ᠷᠡᠨ ᠤ ᠾᠧᠩ ᠶᠤᠸᠠᠨ ᠢᠳᠡᠭᠡᠨ ᠤ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ᠂ ᠤᠯᠠᠭᠠᠨᠴᠠᠪ ᠤᠨ ᠳ᠋ᠧ ᠬᠠᠶ ᠣᠷᠭᠠᠨᠢᠭ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠵᠡᠷᠭᠡ ᠠᠵᠤ ᠠᠬᠤᠶᠢᠯᠠᠯ ᠳᠤ ᠬᠦᠷᠴᠦ᠂ ᠦᠢᠯᠡᠳᠬᠦᠨ ᠦᠢᠯᠡᠳᠪᠦᠷᠢᠯᠡᠵᠦ ᠡᠳ᠋ᠰᠢᠭᠦᠯᠬᠦ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠥᠪᠥᠷ ᠮᠣᠩᠭᠤᠯ ᠢ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠪᠣᠯᠭᠠᠨ ᠪᠥᠲᠥᠭᠡᠨ ᠪᠠᠶᠢᠭᠤᠯᠬᠤ ᠪᠣᠯ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢᠨ ᠨᠢᠭᠡ ᠮᠥᠨ᠂ ᠪᠠᠰᠠ ᠴᠤ ᠪᠢᠳᠡᠨ ᠤ ᠡᠷᠬᠡᠪᠰᠢ ᠡᠷᠡᠰ ᠪᠠᠲᠤ ᠡᠭᠦᠷᠭᠡᠯᠡᠬᠦ ᠤᠯᠤᠰ ᠲᠥᠷᠥ ᠶᠢᠨ ᠬᠠᠷᠢᠭᠤᠴᠠᠯᠭ᠎ᠠ ᠮᠥᠨ᠃ ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠠᠵᠢᠯᠯᠠᠭ᠎ᠠ ᠪᠠᠷ ᠭᠠᠷᠳᠠᠴᠠ ᠪᠣᠯᠭᠠᠵᠤ᠂ ᠬᠥᠬᠡᠬᠤᠲᠠ ᠪᠤᠭᠤᠲᠤ ᠤᠷᠳᠤᠰ ᠤᠯᠠᠭᠠᠨᠴᠠᠪ ᠤᠨ ᠨᠢᠭᠡ ᠴᠤᠬᠴᠠᠵᠢᠭᠤᠯᠤᠨ ᠬᠥᠭᠵᠢᠭᠦᠯᠬᠦ᠂ ᠤᠯᠠᠭᠠᠨᠴᠠᠪ ᠬᠢᠭᠡᠳ ᠡᠷᠢᠶᠡᠨ ᠬᠤᠳᠠ ᠶᠢᠨ ᠪᠣᠭᠤᠮᠲᠠ ᠬᠢᠭᠡᠳ ᠳᠣᠲᠣᠷ᠎ᠠ ᠭᠠᠵᠠᠷ ᠢ ᠨᠢᠭᠡ ᠴᠤᠬᠴᠠᠵᠢᠭᠤᠯᠤᠨ ᠬᠥᠭᠵᠢᠭᠦᠯᠬᠦ ᠶᠢ ᠪᠦᠬᠦ ᠬᠦᠴᠦᠨ ᠢᠶᠠᠷ ᠠᠬᠢᠭᠤᠯᠵᠤ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢᠨ ᠲᠠᠯ᠎ᠠ ᠪᠠᠷ ᠡᠮᠦᠨ᠎ᠡ ᠡᠩᠨᠡᠭᠡᠨ ᠳᠤ ᠶᠠᠪᠤᠬᠤ ᠪᠠᠷ ᠴᠢᠷᠮᠠᠶᠢᠬᠤ ᠬᠡᠷᠡᠭᠲᠡᠢ᠃ ᠬᠦᠷᠢᠶᠡᠯᠡᠩ ᠲᠣᠭᠤᠷᠢᠭ ᠨᠢ ᠳᠥᠭᠦᠮ ᠳᠥᠲᠡ ᠵᠠᠮ ᠬᠠᠷᠢᠯᠴᠠᠭᠠᠨ ᠤ ᠣᠷᠣᠨ ᠪᠠᠶᠢᠷᠢ ᠶᠢᠨ ᠳᠠᠪᠠᠭᠤᠯᠢᠭ ᠪᠠ ᠪᠦᠷᠢᠨ ᠲᠡᠭᠦᠯᠳᠡᠷ ᠬᠠᠲᠠᠭᠤ ᠲᠣᠨᠤᠭ ᠤᠨ ᠲᠥᠬᠦᠭᠡᠷᠦᠮᠵᠢ ᠶᠢᠨ ᠨᠥᠬᠦᠴᠡᠯ ᠳᠤ ᠲᠦᠰᠢᠭᠯᠡᠨ᠂ ᠬᠠᠶᠢᠯᠤᠭᠤᠷ ᠵᠣᠩᠰᠢ᠂ ᠮᠣᠳᠣᠨ ᠮᠠᠲ᠋ᠧᠷᠢᠶᠠᠯ᠂ ᠯᠠᠩᠭᠤᠸᠠ ᠶᠢᠨ ᠦᠷ᠎ᠡ ᠵᠡᠷᠭᠡ ᠪᠣᠳᠠᠲᠠᠢ ᠡᠳ᠋ᠰᠢᠭᠦᠯᠬᠦ ᠠᠵᠤ ᠦᠢᠯᠡᠰ ᠢ ᠲᠠᠰᠤᠷᠠᠯᠲᠠ ᠦᠭᠡᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠬᠡᠷᠡᠭᠲᠡᠢ︔ ᠲᠣᠮᠣ ᠠᠵᠤ ᠠᠬᠤᠶᠢᠯᠠᠯ ᠢ ᠣᠷᠣᠭᠤᠯᠤᠨ ᠠᠪᠴᠢᠷᠠᠬᠤ ᠶᠢ ᠪᠠᠷᠢᠮᠲᠠᠯᠠᠵᠤ᠂ ᠨᠢᠭᠡ ᠪᠦᠯᠦᠭ ᠭᠠᠳᠠᠭᠰᠢ ᠴᠢᠭᠯᠡᠭᠦᠯᠦᠭᠰᠡᠨ ᠠᠵᠤ ᠠᠬᠤᠶᠢᠯᠠᠯ ᠢ ᠢᠳᠡᠪᠬᠢᠲᠡᠢ ᠪᠠᠷ ᠣᠷᠣᠭᠤᠯᠤᠨ ᠠᠪᠴᠢᠷᠠᠬᠤ ᠬᠡᠷᠡᠭᠲᠡᠢ︔ ᠵᠠᠮ ᠢᠶᠠᠷ ᠪᠠᠷᠠᠭᠠᠨ ᠤ ᠭᠦᠢᠯᠭᠡᠭᠡ ᠶᠢ ᠳᠠᠶᠢᠴᠢᠯᠠᠵᠤ᠂ ᠪᠠᠷᠠᠭᠠᠨ ᠤ ᠭᠦᠢᠯᠭᠡᠭᠡ ᠪᠠᠷ ᠠᠷᠠᠯᠵᠢᠶ᠎ᠠ ᠶᠢ ᠠᠬᠢᠭᠤᠯᠵᠤ᠂ ᠠᠷᠠᠯᠵᠢᠶ᠎ᠠ ᠪᠠᠷ ᠠᠵᠤ ᠦᠢᠯᠡᠰ ᠢ ᠲᠥᠪᠯᠡᠷᠡᠭᠦᠯᠵᠦ᠂ ︽ᠨᠡᠪᠲᠡᠷᠡᠬᠦ ᠵᠠᠮ + ᠬᠦᠢᠰᠦ + ᠠᠵᠤ ᠦᠢᠯᠡᠰ︾ ᠤᠨ ᠠᠭᠤᠰᠤᠯᠴᠠᠨ ᠬᠥᠭᠵᠢᠬᠦ ᠶᠢ ᠠᠬᠢᠭᠤᠯᠬᠤ ᠬᠡᠷᠡᠭᠲᠡᠢ ᠭᠡᠵᠦ ᠬᠡᠯᠡᠪᠡ᠃      ᠵᠧᠤ ᠺᠠᠶ ᠪᠠᠰᠠ ᠠᠭᠠᠷ ᠤᠨ ᠠᠵᠤ ᠦᠢᠯᠡᠰ ᠤᠨ ᠬᠦᠷᠢᠶᠡᠯᠡᠩ ᠤᠨ ᠲᠥᠯᠥᠪᠵᠢᠭᠦᠯᠭᠡ ᠪᠥᠲᠥᠭᠡᠨ ᠪᠠᠶᠢᠭᠤᠯᠤᠯᠲᠠ ᠪᠣᠯᠤᠨ ᠤᠯᠠᠭᠠᠨᠴᠠᠪ ᠤᠨ ᠨᠢᠰᠬᠡᠯ ᠤᠨ ᠪᠠᠭᠤᠳᠠᠯ ᠤᠨ ᠡᠵᠡᠩᠨᠡᠯᠲᠡ ᠵᠡᠷᠭᠡ ᠪᠠᠶᠢᠳᠠᠯ ᠢ ᠪᠠᠶᠢᠴᠠᠭᠠᠨ ᠰᠤᠳᠤᠯᠪᠠ᠃      ᠰᠦᠢ ᠵᠢᠶᠠᠨ ᠬᠤᠸᠠ ᠣᠷᠣᠯᠴᠠᠪᠠ᠃                                         ᠤᠷᠴᠢᠭᠤᠯᠤᠭᠴᠢ᠄ ᠭᠤᠸ᠎ᠠ                                     ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2