ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠰᠢᠭᠤᠳ | ᠬᠠᠷᠢᠶ᠎ᠠ ᠡᠯ᠎ᠡ ᠵᠥᠪᠯᠡᠯ᠂ ᠠᠯᠪᠠᠨ ᠭᠡᠷ᠂ ᠲᠣᠪᠴᠢᠶ᠎ᠠ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠳᠤ᠄ | | ᠣᠳᠣᠬᠠᠨ ᠳᠤ᠂ ᠮᠠᠨ ᠤ ᠬᠤᠲᠠ ᠨᠢᠭᠡᠨᠲᠡ ᠬᠠᠪᠤᠷ ᠤᠨ ᠤᠯᠠᠷᠢᠯ ᠤᠨ ᠣᠶ ᠰᠢᠭᠤᠶ ᠨᠤᠲᠤᠭ ᠪᠡᠯᠴᠢᠭᠡᠷ ᠤᠨ | ᠭᠠᠯ ᠤᠨ ᠠᠶᠤᠯ ᠶᠡᠬᠡᠲᠡᠶ ᠬᠤᠭᠤᠴᠠᠭᠠᠨ ᠳᠤ ᠣᠷᠣᠵᠤ᠂ ᠮᠠᠨ ᠤ ᠬᠤᠲᠠ ᠶᠢᠨ ᠣᠶ ᠰᠢᠭᠤᠶ ᠨᠤᠲᠤᠭ ᠪᠡᠯᠴᠢᠭᠡᠷ ᠤᠨ | ᠡᠬᠢ ᠪᠠᠶᠠᠯᠢᠭ ᠢ ᠪᠦᠲᠦᠮᠵᠢᠲᠡᠶ ᠬᠠᠮᠠᠭᠠᠯᠠᠬᠤ ᠪᠠ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠢ | ᠪᠦᠲᠦᠮᠵᠢᠲᠡᠶ ᠰᠡᠷᠭᠡᠶᠢᠯᠡᠬᠦ ᠪᠠ ᠤᠨᠲᠠᠷᠠᠭᠠᠬᠤ ᠶᠢᠨ ᠲᠥᠯᠥᠭᠡ᠂ ᠠᠷᠠᠳ ᠲᠦᠮᠡᠨ ᠤ ᠠᠮᠢ ᠨᠠᠰᠤ ᠡᠳ᠋ ᠬᠥᠷᠥᠩᠭᠡ ᠶᠢᠨ | ᠠᠮᠤᠷ ᠲᠦᠪᠰᠢᠨ ᠪᠠ ᠠᠮᠢ ᠠᠬᠤᠶ ᠶᠢᠨ ᠠᠮᠤᠷ ᠲᠦᠪᠰᠢᠨ ᠢ ᠪᠥᠬᠦ ᠬᠦᠴᠦᠨ ᠢᠶᠠᠷ ᠢᠶᠠᠨ ᠬᠠᠮᠠᠭᠠᠯᠠᠬᠤ ᠶᠢᠨ ᠲᠥᠯᠥᠭᠡ᠂ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠶ ᠰᠢᠭᠤᠶ ᠶᠢᠨ ᠬᠠᠤᠯᠢ︾᠂ ︽ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠲᠤᠭ ᠪᠡᠯᠴᠢᠭᠡᠷ ᠤᠨ ᠬᠠᠤᠯᠢ︾᠂ ︽ᠣᠶ ᠰᠢᠭᠤᠶ ᠶᠢᠨ ᠭᠠᠯ | ᠰᠡᠷᠭᠡᠶᠢᠯᠡᠬᠦ ᠲᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠨᠤᠲᠤᠭ | ᠪᠡᠯᠴᠢᠭᠡᠷ ᠤᠨ ᠭᠠᠯ ᠰᠡᠷᠭᠡᠶᠢᠯᠡᠬᠦ ᠲᠦᠷᠢᠮ︾ ᠵᠡᠷᠭᠡ ᠬᠤᠯᠪᠣᠭᠳᠠᠯ ᠪᠥᠬᠦᠶ ᠲᠣᠭᠲᠠᠭᠠᠯ ᠢ ᠦᠨᠳᠦᠰᠦᠯᠡᠨ᠂ ᠮᠠᠨ ᠤ | ᠬᠤᠲᠠ ᠶᠢᠨ ᠪᠣᠳᠠᠲᠠᠶ ᠲᠠᠢ ᠪᠠᠨ ᠤᠶᠠᠯᠳᠤᠭᠤᠯᠵᠤ᠂ ᠳᠣᠤᠷᠠᠬᠢ ᠮᠡᠲᠦ ᠵᠠᠷᠯᠢᠭ ᠢ ᠨᠡᠶᠢᠲᠡᠯᠡᠪᠡ᠃ | ᠨᠢᠭᠡ᠂ ᠭᠠᠯ ᠰᠡᠷᠭᠡᠶᠢᠯᠡᠬᠦ ᠬᠤᠭᠤᠴᠠᠭ᠎ᠠ ᠪᠠ ᠴᠢᠩᠭ᠎ᠠ ᠰᠡᠷᠭᠡᠶᠢᠯᠡᠯᠲᠡ ᠶᠢᠨ ᠵᠠᠬᠢᠷᠤᠨ ᠬᠠᠮᠢᠶᠠᠷᠬᠤ ᠬᠤᠭᠤᠴᠠᠭ᠎ᠠ | ᠤᠯᠠᠭᠠᠨᠴᠠᠪ ᠬᠤᠲᠠ ᠶᠢᠨ ᠭᠠᠯ ᠰᠡᠷᠭᠡᠶᠢᠯᠡᠬᠦ ᠬᠤᠭᠤᠴᠠᠭ᠎ᠠ ᠨᠢ ᠲᠤᠰ ᠵᠢᠯ ᠤᠨ 9 ᠰᠠᠷ᠎ᠠ ᠶᠢᠨ 15 ᠤ | ᠡᠳᠦᠷ ᠠᠴᠠ ᠳᠠᠷᠠᠭ᠎ᠠ ᠵᠢᠯ ᠤᠨ 6 ᠰᠠᠷ᠎ᠠ ᠶᠢᠨ 15 ᠤ ᠡᠳᠦᠷ ᠪᠣᠯᠲᠠᠯ᠎ᠠ᠃ ᠭᠠᠯ ᠰᠡᠷᠭᠡᠶᠢᠯᠡᠬᠦ ᠴᠢᠩᠭ᠎ᠠ | ᠰᠡᠷᠭᠡᠶᠢᠯᠡᠯᠲᠡ ᠶᠢᠨ ᠵᠠᠬᠢᠷᠤᠨ ᠬᠠᠮᠢᠶᠠᠷᠬᠤ ᠬᠤᠭᠤᠴᠠᠭ᠎ᠠ ᠨᠢ ᠬᠠᠪᠤᠷ ᠤᠨ ᠤᠯᠠᠷᠢᠯ ᠤᠨ 3 ᠰᠠᠷ᠎ᠠ ᠶᠢᠨ 15 ᠤ | ᠡᠳᠦᠷ ᠠᠴᠠ 5 ᠰᠠᠷ᠎ᠠ ᠶᠢᠨ 31 ᠤ ᠡᠳᠦᠷ︔ ᠨᠠᠮᠤᠷ ᠡᠪᠦᠯ ᠤᠨ ᠤᠯᠠᠷᠢᠯ ᠤᠨ 10 ᠰᠠᠷ᠎ᠠ ᠶᠢᠨ 1 ᠤ ᠡᠳᠦᠷ ᠠᠴᠠ | 12 ᠰᠠᠷ᠎ᠠ ᠶᠢᠨ 31 ᠤ ᠡᠳᠦᠷ ᠪᠣᠯᠤᠨ᠎ᠠ᠃ | ᠬᠤᠶᠠᠷ᠂ ᠭᠠᠯ ᠰᠡᠷᠭᠡᠶᠢᠯᠡᠬᠦ ᠴᠢᠩᠭ᠎ᠠ ᠰᠡᠷᠭᠡᠶᠢᠯᠡᠯᠲᠡ ᠶᠢᠨ ᠣᠷᠣᠨ | ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠭᠤᠤᠯᠳᠠᠯᠭ᠎ᠠ ᠲᠠᠢ ᠠᠮᠢ ᠠᠬᠤᠶ ᠶᠢᠨ ᠢᠨᠵᠧᠨᠧᠷᠢᠩ ᠤᠨ | ᠲᠥᠷᠥᠯ ᠵᠦᠢᠯ ᠤᠨ ᠲᠣᠭᠤᠷᠢᠭ᠂ ᠭᠤᠤᠯᠳᠠᠯᠭ᠎ᠠ ᠲᠠᠢ ᠣᠷᠣᠨ ᠪᠦᠰᠡ ᠶᠢᠨ ᠨᠣᠭᠤᠭᠠᠷᠠᠭᠤᠯᠤᠯᠲᠠ ᠶᠢᠨ | ᠢᠨᠵᠧᠨᠧᠷᠢᠩ ᠤᠨ ᠲᠣᠭᠤᠷᠢᠭ᠂ ᠣᠶ ᠰᠢᠭᠤᠶ ᠶᠢᠨ ᠴᠡᠴᠡᠷᠯᠢᠭ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ | ᠰᠤᠮᠤᠨ ᠠᠭᠤᠯᠠ ᠶᠢᠨ ᠣᠶ ᠰᠢᠭᠤᠶ ᠶᠢᠨ ᠲᠠᠯᠠᠪᠠᠶ᠂ ᠬᠤᠩ ᠱᠠᠨ ᠣᠶ ᠰᠢᠭᠤᠶ ᠶᠢᠨ ᠲᠠᠯᠠᠪᠠᠶ᠂ ᠮᠠᠩᠬᠠᠨ | ᠠᠭᠤᠯᠠ ᠶᠢᠨ ᠣᠶ ᠰᠢᠭᠤᠶ ᠶᠢᠨ ᠲᠠᠯᠠᠪᠠᠶ᠂ ᠳᠠᠭ᠎ᠠ ᠶᠢᠨ ᠨᠠᠭᠤᠷ ᠤᠨ ᠣᠶ ᠰᠢᠭᠤᠶ ᠶᠢᠨ ᠲᠠᠯᠠᠪᠠᠶ᠂ ᠱᠠᠩ ᠭᠤᠣ ᠶᠢᠨ | ᠣᠶ ᠰᠢᠭᠤᠶ ᠶᠢᠨ ᠲᠠᠯᠠᠪᠠᠶ᠂ ᠪᠤᠣ ᠠᠨ ᠣᠶ ᠰᠢᠭᠤᠶ ᠶᠢᠨ ᠲᠠᠯᠠᠪᠠᠶ᠂ ᠨᠠᠷᠠᠰᠤᠲᠠᠶ ᠣᠶ ᠰᠢᠭᠤᠶ ᠶᠢᠨ ᠲᠠᠯᠠᠪᠠᠶ ᠵᠡᠷᠭᠡ | ᠭᠤᠤᠯᠳᠠᠯᠭ᠎ᠠ ᠲᠠᠢ ᠤᠯᠤᠰ ᠤᠨ ᠥᠮᠴᠢᠯᠡᠯᠲᠦ ᠣᠶ ᠰᠢᠭᠤᠶ ᠶᠢᠨ ᠲᠠᠯᠠᠪᠠᠶ ᠶᠢᠨ ᠪᠣᠶ ᠪᠥᠬᠦᠶ ᠰᠢᠭᠤᠶᠢᠲᠤ ᠣᠷᠣᠨ | ᠵᠢᠴᠢ ᠳᠥᠷᠪᠡᠳ ᠬᠤᠰᠢᠭᠤᠨ ᠤ ᠪᠠᠶᠠᠨᠴᠣᠭᠲᠤ ᠪᠠᠯᠭᠠᠰᠤ᠂ ᠬᠤᠩᠭᠤᠷ ᠰᠤᠮᠤ᠂ ᠴᠠᠭᠠᠨᠪᠤᠯᠠᠭ ᠰᠤᠮᠤ ᠵᠡᠷᠭᠡ ᠣᠶ | ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠶᠡᠬᠡᠲᠡᠶ ᠣᠷᠣᠨ ᠪᠣᠯ ᠪᠥᠬᠦ ᠬᠤᠲᠠ ᠶᠢᠨ ᠣᠶ ᠰᠢᠭᠤᠶ ᠨᠤᠲᠤᠭ | ᠪᠡᠯᠴᠢᠭᠡᠷ ᠤᠨ ᠭᠠᠯ ᠰᠡᠷᠭᠡᠶᠢᠯᠡᠯᠲᠡ ᠶᠢᠨ ᠴᠢᠩᠭ᠎ᠠ ᠰᠡᠷᠭᠡᠶᠢᠯᠡᠯᠲᠡ ᠶᠢᠨ ᠣᠷᠣᠨ ᠪᠦᠰᠡ ᠪᠣᠯᠤᠨ᠎ᠠ᠃ | ᠭᠤᠷᠪᠠ᠂ ᠭᠠᠯ ᠰᠡᠷᠭᠡᠶᠢᠯᠡᠬᠦ ᠴᠢᠩᠭ᠎ᠠ ᠰᠡᠷᠭᠡᠶᠢᠯᠡᠯᠲᠡ ᠶᠢᠨ ᠬᠤᠭᠤᠴᠠᠭᠠᠨ ᠳᠤ ᠡᠷᠬᠡᠪᠰᠢ ᠳᠣᠣᠷᠠᠬᠢ ᠮᠡᠲᠦ | ᠲᠣᠭᠲᠠᠭᠠᠯ ᠢ ᠴᠢᠩᠭ᠎ᠠ ᠵᠢᠷᠤᠮᠯᠠᠬᠤ ᠬᠡᠷᠡᠭᠲᠡᠢ | ︵ᠨᠢᠭᠡ︶ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠶᠡᠬᠡᠲᠡᠶ ᠬᠤᠭᠤᠴᠠᠭᠠᠨ ᠳᠤ ᠣᠶ ᠰᠢᠭᠤᠶ | ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠣᠷᠣᠨ ᠳᠤ ᠬᠡᠭᠡᠷ᠎ᠡ ᠭᠠᠳᠠᠨ᠎ᠠ ᠭᠠᠯ ᠬᠡᠷᠡᠭᠯᠡᠬᠦ ᠶᠢ ᠬᠤᠷᠢᠭᠯᠠᠨ᠎ᠠ᠃ | ︵ᠬᠤᠶᠠᠷ︶ ᠭᠠᠯ ᠰᠡᠷᠭᠡᠶᠢᠯᠡᠬᠦ ᠣᠷᠣᠨ ᠳᠤ ᠬᠤᠸᠠᠷ ᠫᠤᠤᠵᠢᠩ ᠲᠠᠯᠪᠢᠬᠤ᠂ ᠠᠲᠠᠷ ᠬᠠᠭᠠᠯᠪᠤᠷᠢᠯᠠᠬᠤ᠂ ᠪᠤᠯᠠᠰᠢᠨ | ᠳᠡᠭᠡᠷ᠎ᠡ ᠴᠠᠭᠠᠰᠤ ᠰᠢᠲᠠᠭᠠᠬᠤ᠂ ᠬᠦᠵᠢ ᠵᠤᠯᠠ ᠠᠰᠠᠭᠠᠬᠤ᠂ ᠭᠠᠯ ᠨᠣᠴᠣᠭᠠᠬᠤ᠂ ᠭᠠᠯ ᠬᠡᠷᠡᠭᠯᠡᠬᠦ᠂ ᠡᠰᠢ ᠰᠦᠷᠡᠯ | ᠰᠢᠲᠠᠭᠠᠬᠤ᠂ ᠲᠠᠷᠢᠶᠠᠨ ᠳᠠᠯᠠᠩ ᠰᠢᠲᠠᠭᠠᠬᠤ᠂ ᠭᠠᠵᠠᠷ ᠰᠢᠲᠠᠭᠠᠬᠤ᠂ ᠮᠣᠳᠣᠨ ᠨᠡᠭᠦᠷᠡᠰᠦ ᠰᠢᠲᠠᠭᠠᠬᠤ᠂ ᠬᠤᠭ | ᠨᠣᠪᠰᠢ ᠲᠦᠯᠡᠬᠦ᠂ ᠲᠠᠮᠠᠬᠢ ᠲᠠᠲᠠᠬᠤ᠂ ᠬᠡᠭᠡᠷ᠎ᠡ ᠬᠤᠭᠤᠯᠠᠯᠠᠬᠤ ᠵᠡᠷᠭᠡ ᠬᠡᠭᠡᠷ᠎ᠡ ᠭᠠᠳᠠᠨ᠎ᠠ ᠭᠠᠯ ᠬᠡᠷᠡᠭᠯᠡᠬᠦ ᠦᠢᠯᠡ | ᠠᠵᠢᠯᠯᠠᠭ᠎ᠠ ᠶᠢ ᠬᠤᠷᠢᠭᠯᠠᠨ᠎ᠠ᠃ | ︵ᠭᠤᠷᠪᠠ︶ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠬᠤᠭᠤᠴᠠᠭᠠᠨ ᠳᠤ᠂ ᠬᠡᠭᠡᠷ᠎ᠡ ᠭᠠᠳᠠᠨ᠎ᠠ | ᠭᠠᠯ ᠬᠡᠷᠡᠭᠯᠡᠬᠦ ᠦᠨᠡᠨ ᠬᠦ ᠴᠢᠬᠤᠯᠠᠲᠠᠶ ᠨᠢᠭᠡᠴᠢ ᠪᠤᠶᠤ ᠬᠤᠪᠢ ᠬᠥᠮᠦᠨ ᠲᠤᠬᠠᠶ ᠶᠢᠨ ᠭᠠᠵᠠᠷ ᠤᠨ ᠣᠶ ᠰᠢᠭᠤᠶ | ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠤᠨ ᠵᠢᠯᠣᠭᠤᠳᠬᠤ ᠭᠠᠵᠠᠷ ᠤᠨ ᠵᠥᠪᠰᠢᠶᠡᠷᠡᠯ ᠢᠶᠠᠷ | ᠳᠡᠮᠵᠢᠨ ᠭᠠᠯ ᠬᠡᠷᠡᠭᠯᠡᠬᠦ ᠴᠢᠬᠤᠯᠠᠲᠠᠶ ᠪᠠᠶᠢᠪᠠᠯ᠂ ᠭᠠᠯ ᠬᠡᠷᠡᠭᠯᠡᠬᠦ ᠨᠢᠭᠡᠴᠢ ᠪᠤᠶᠤ ᠬᠤᠪᠢ ᠬᠥᠮᠦᠨ ᠡᠷᠬᠡᠪᠰᠢ ᠠᠮᠤᠷ | ᠲᠦᠪᠰᠢᠨ ᠢᠶᠠᠷ ᠭᠠᠯ ᠬᠡᠷᠡᠭᠯᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠵᠥᠪᠰᠢᠶᠡᠷᠡᠯ ᠣᠯᠤᠭᠰᠠᠨ ᠥᠬᠡᠶ ᠪᠣᠯ | ᠰᠢᠲᠠᠭᠠᠬᠤ ᠥᠬᠡᠶ᠂ ᠭᠤᠷᠪᠠᠳᠤᠭᠠᠷ ᠳᠡᠰ ᠠᠴᠠ ᠳᠡᠭᠡᠭᠰᠢᠬᠢ ᠰᠠᠯᠬᠢᠨ ᠲᠠᠢ ᠴᠠᠭ ᠠᠭᠤᠷ ᠲᠤ ᠰᠢᠲᠠᠭᠠᠬᠤ ᠥᠬᠡᠶ᠂ | ᠬᠠᠷᠠᠵᠤ ᠰᠠᠬᠢᠬᠤ ᠬᠥᠮᠦᠨ ᠥᠬᠡᠶ ᠪᠣᠯ ᠰᠢᠲᠠᠭᠠᠬᠤ ᠥᠬᠡᠶ᠂ ᠭᠠᠯ ᠰᠡᠷᠭᠡᠶᠢᠯᠡᠬᠦ ᠲᠤᠰᠠᠭᠠᠷᠯᠠᠬᠤ ᠪᠦᠰᠡ ᠳᠤ | ᠰᠢᠲᠠᠭᠠᠬᠤ ᠥᠬᠡᠶ ᠪᠠᠶᠢᠬᠤ ᠬᠡᠷᠡᠭᠲᠡᠶ᠃ | ︵ᠲᠦᠷᠪᠡ︶ ᠭᠠᠯ ᠰᠡᠷᠭᠡᠶᠢᠯᠡᠬᠦ ᠴᠢᠩᠭ᠎ᠠ ᠰᠡᠷᠭᠡᠶᠢᠯᠡᠯᠲᠡ ᠶᠢᠨ ᠬᠤᠭᠤᠴᠠᠭᠠᠨ ᠳᠤ ᠦᠨᠡᠨ ᠰᠤᠮᠤᠨ ᠤ ᠰᠣᠷᠢᠯᠲᠠ᠂ | ᠳᠡᠯᠪᠡᠴᠢᠬᠦ ᠵᠡᠷᠭᠡ ᠠᠵᠢᠯ ᠬᠢᠬᠦ ᠴᠢᠬᠤᠯᠠ ᠲᠠᠢ ᠪᠣᠯ ᠡᠷᠬᠡᠪᠰᠢ ᠣᠷᠣᠨ ᠨᠤᠲᠤᠭ ᠤᠨ ᠠᠷᠠᠳ ᠤᠨ ᠵᠠᠰᠠᠭ ᠤᠨ | ᠣᠷᠳᠣᠨ ᠤ ᠣᠶ ᠰᠢᠭᠤᠶ ᠪᠣᠯᠤᠨ ᠨᠤᠲᠤᠭ ᠪᠡᠯᠴᠢᠭᠡᠷ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠢᠶᠠᠷ | ᠵᠥᠪᠰᠢᠶᠡᠷᠡᠭᠦᠯᠬᠦ ᠶᠢᠨ ᠬᠠᠮᠲᠤ ᠲᠤᠬᠠᠶ ᠶᠢᠨ ᠭᠠᠵᠠᠷ ᠤᠨ ᠭᠠᠯ ᠰᠡᠷᠭᠡᠶᠢᠯᠡᠨ ᠤᠨᠲᠠᠷᠠᠭᠠᠬᠤ ᠵᠢᠯᠣᠭᠤᠳᠬᠤ ᠭᠠᠵᠠᠷ ᠲᠠᠢ | ᠬᠠᠮᠵᠢᠯᠴᠠᠨ ᠭᠠᠯ ᠰᠡᠷᠭᠡᠶᠢᠯᠡᠨ ᠤᠨᠲᠠᠷᠠᠭᠠᠬᠤ ᠴᠢᠬᠤᠯᠠ ᠪᠦᠬᠦᠢ ᠠᠷᠭ᠎ᠠ ᠬᠡᠮᠵᠢᠶ᠎ᠡ ᠠᠪᠬᠤ ᠬᠡᠷᠡᠭᠲᠡᠶ᠃ | ︵ᠲᠠᠪᠤ︶ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠣᠷᠣᠨ ᠳᠤ ᠬᠤᠷᠢᠭ᠎ᠠ ᠭᠠᠷᠭᠠᠨ | ᠬᠠᠮᠢᠶᠠᠷᠬᠤ ᠶᠢ ᠬᠡᠷᠡᠭᠵᠢᠭᠦᠯᠵᠦ᠂ ᠰᠢᠭᠤᠶᠢᠲᠤ ᠣᠷᠣᠨ ᠤ ᠴᠢᠬᠤᠯᠠ ᠵᠠᠮ᠂ ᠤᠯᠤᠰ ᠤᠨ ᠥᠮᠴᠢᠯᠡᠯᠲᠦ ᠣᠶ | ᠰᠢᠭᠤᠶ ᠶᠢᠨ ᠲᠠᠯᠠᠪᠠᠶ ᠰᠢᠭᠤᠶᠢᠲᠤ ᠣᠷᠣᠨ᠂ ᠡᠯ᠎ᠡ ᠲᠥᠷᠥᠯ ᠤᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ᠂ | ᠦᠵᠡᠮᠵᠢ ᠶᠢᠨ ᠣᠷᠣᠨ ᠵᠡᠷᠭᠡ ᠣᠷᠣᠵᠤ ᠭᠠᠷᠬᠤ ᠡᠭᠦᠳᠡᠨ ᠳᠤ ᠪᠠᠶᠢᠴᠠᠭᠠᠬᠤ ᠥᠷᠲᠡᠭᠡ ᠴᠢᠭ ᠪᠠᠶᠢᠭᠤᠯᠵᠤ᠂ ᠭᠠᠯ | ᠰᠡᠷᠭᠡᠶᠢᠯᠡᠬᠦ ᠰᠡᠷᠡᠮᠵᠢ ᠶᠢᠨ ᠫᠠᠶᠢᠰᠠ ᠪᠠᠶᠢᠷᠢᠯᠠᠭᠤᠯᠤᠨ᠂ ᠭᠠᠯ ᠰᠡᠷᠭᠡᠶᠢᠯᠡᠬᠦ ᠣᠷᠣᠨ ᠳᠤ ᠣᠷᠣᠬᠤ ᠬᠥᠮᠦᠰ ᠪᠠ ᠲᠡᠷᠭᠡ | ᠬᠥᠰᠬᠡ ᠳᠤ ᠴᠥᠮ ᠭᠠᠯ ᠰᠡᠷᠭᠡᠶᠢᠯᠡᠬᠦ ᠲᠣᠭᠲᠠᠭᠠᠯ ᠢ ᠵᠢᠷᠤᠮᠯᠠᠨ᠂ ᠭᠠᠯ ᠰᠡᠷᠭᠡᠶᠢᠯᠡᠬᠦ ᠪᠠᠶᠢᠴᠠᠭᠠᠯᠲᠠ ᠶᠢ ᠬᠦᠯᠢᠶᠡᠵᠦ᠂ | ᠭᠠᠯ ᠤᠨ ᠢᠷᠡᠯᠲᠡ ᠶᠢ ᠰᠠᠨᠠᠭᠠᠴᠢᠯᠠᠭ᠎ᠠ ᠠᠴᠠ ᠪᠠᠨ ᠪᠠᠶᠢᠴᠠᠭᠠᠬᠤ ᠥᠷᠲᠡᠭᠡ ᠠᠴᠠ ᠣᠷᠣᠯᠠᠨ ᠬᠠᠳᠠᠭᠠᠯᠠᠵᠤ᠂ ᠭᠠᠯ ᠤᠨ | ᠲᠥᠷᠥᠯ ᠪᠤᠶᠤ ᠨᠣᠴᠣᠮᠠᠲᠠᠭᠠᠶ ᠳᠡᠯᠪᠡᠷᠡᠮᠡᠲᠡᠭᠡᠶ ᠪᠣᠳᠠᠰ ᠠᠪᠴᠤ ᠣᠷᠣᠵᠤ ᠢᠷᠡᠬᠦ ᠶᠢ ᠴᠢᠩᠭ᠎ᠠ ᠬᠤᠷᠢᠭᠯᠠᠬᠤ ᠬᠡᠷᠡᠭᠲᠡᠶ᠃ | ᠶᠠᠮᠠᠷᠪᠠ ᠨᠢᠭᠡᠴᠢ ᠪᠠ ᠬᠤᠪᠢ ᠬᠦᠮᠦᠨ ᠪᠠᠶᠢᠴᠠᠭᠠᠬᠤ ᠶᠢ ᠬᠠᠷᠰᠢᠯᠠᠵᠤ᠂ ᠪᠠᠶᠢᠴᠠᠭᠠᠬᠤ ᠶᠢ ᠲᠡᠪᠴᠢᠵᠦ ᠪᠣᠯᠬᠤ ᠦᠭᠡᠢ᠃ | ᠳᠡᠭᠡᠷᠡᠬᠢ ᠲᠣᠭᠲᠠᠭᠠᠯ ᠢ ᠵᠥᠷᠢᠴᠡᠭᠰᠡᠨ ᠪᠦᠬᠦᠨ ᠢ ᠰᠢᠶᠠᠨ ᠤ ᠱᠠᠲᠤᠨ ᠤ ᠣᠶ ᠰᠢᠭᠤᠶ ᠨᠤᠲᠤᠭ ᠪᠡᠯᠴᠢᠭᠡᠷ ᠤᠨ | ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠤᠯᠪᠣᠭᠳᠠᠯ ᠪᠥᠬᠦᠶ ᠬᠠᠤᠯᠢ ᠴᠠᠭᠠᠵᠠ | ᠬᠠᠤᠯᠢ ᠲᠣᠭᠲᠠᠭᠠᠯ ᠢ ᠦᠨᠳᠦᠰᠦᠯᠡᠨ ᠰᠢᠢᠳᠬᠡᠨ ᠲᠣᠷᠭᠠᠬᠤ ᠶᠢᠨ ᠬᠠᠮᠲᠤ ᠢᠯᠡ ᠪᠠᠷ ᠨᠡᠶᠢᠲᠡᠯᠡᠨ ᠢᠯᠡᠴᠢᠯᠡᠨ᠎ᠡ︔ | ᠠᠯᠪᠠᠨ ᠲᠤᠰᠢᠶᠠᠯᠲᠠᠨ ᠤ ᠲᠦᠷᠢᠮ ᠲᠣᠭᠲᠠᠭᠠᠯ ᠰᠠᠬᠢᠯᠭ᠎ᠠ ᠪᠠᠲᠤ ᠶᠢ ᠵᠥᠷᠢᠴᠡᠭᠰᠡᠨ ᠠᠰᠠᠭᠤᠳᠠᠯ ᠳᠤ ᠬᠤᠯᠪᠣᠭᠳᠠᠭᠰᠠᠨ | ᠰᠦᠪᠡᠭᠴᠢ ᠶᠢ ᠲᠦᠷᠢᠮ ᠲᠣᠭᠲᠠᠭᠠᠯ ᠰᠠᠬᠢᠯᠭ᠎ᠠ ᠪᠠᠲᠤ ᠶᠣᠰᠣᠭᠠᠷ ᠴᠠᠭ ᠲᠤᠬᠠᠶ ᠳᠤᠨᠢ ᠰᠠᠬᠢᠯᠭ᠎ᠠ ᠪᠠᠲᠤ ᠪᠠᠶᠢᠴᠠᠭᠠᠬᠤ | ᠬᠢᠨᠠᠨ ᠪᠠᠶᠢᠴᠠᠭᠠᠬᠤ ᠪᠠᠶᠢᠭᠤᠯᠭ᠎ᠠ ᠳᠤ ᠰᠢᠯᠵᠢᠭᠦᠯᠦᠨ ᠬᠦᠷᠭᠡᠵᠦ ᠰᠢᠢᠳᠪᠦᠷᠢᠯᠡᠭᠦᠯᠬᠦ ᠬᠡᠷᠡᠭᠲᠡᠶ᠃ ᠶᠠᠯ᠎ᠠ ᠳᠤ | ᠬᠦᠷᠦᠭᠰᠡᠨ ᠪᠣᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ᠃ | ᠳᠥᠷᠪᠡ᠂ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠬᠡᠷᠡᠭᠲᠡᠢ | ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ | ᠤᠨᠲᠠᠷᠠᠭᠠᠬᠤ ᠠᠵᠢᠯ ᠤᠨ ᠵᠠᠰᠠᠭ ᠵᠠᠬᠢᠷᠭᠠᠨ ᠤ ᠳᠠᠷᠤᠭ᠎ᠠ ᠬᠠᠷᠢᠭᠤᠴᠠᠬᠤ ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠵᠦ᠂ | ᠬᠠᠷᠢᠶ᠎ᠠ ᠭᠠᠵᠠᠷ ᠤᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠴᠢᠩᠭᠠᠷᠠᠭᠤᠯᠤᠨ᠂ ᠰᠠᠯᠠᠭ᠎ᠠ ᠮᠥᠴᠢᠷ ᠤᠨ ᠬᠢᠨᠠᠨ | ᠬᠠᠮᠢᠶᠠᠷᠬᠤ ᠬᠠᠷᠢᠭᠤᠴᠠᠯᠭ᠎ᠠ ᠶᠢ ᠨᠠᠷᠢᠯᠢᠬᠵᠢᠭᠤᠯᠵᠤ᠂ ᠣᠶ ᠰᠢᠭᠤᠶ ᠶᠢᠨ ᠭᠠᠯ ᠰᠡᠷᠭᠡᠶᠢᠯᠡᠬᠦ ᠬᠠᠷᠢᠶ᠎ᠠ ᠭᠠᠵᠠᠷ ᠤᠨ | ᠬᠠᠮᠢᠶᠠᠷᠤᠯᠲᠠ ᠶᠢᠨ ᠬᠠᠷᠢᠭᠤᠴᠠᠯᠭ᠎ᠠ᠂ ᠣᠶ ᠰᠢᠭᠤᠶ ᠶᠢᠨ ᠡᠵᠡᠩᠨᠡᠯᠲᠡ ᠶᠢᠨ ᠨᠢᠭᠡᠴᠢ ᠶᠢᠨ ᠭᠤᠤᠯ ᠴᠣᠭᠴᠠ ᠶᠢᠨ | ᠬᠠᠷᠢᠭᠤᠴᠠᠯᠭ᠎ᠠ ᠪᠠ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠣᠳᠠᠲᠠᠶᠢᠵᠢᠭᠤᠯᠬᠤ ᠬᠡᠷᠡᠭᠲᠡᠶ᠃ | ︽ᠬᠤᠲᠠ᠂ ᠰᠢᠶᠠᠨ᠂ ᠰᠢᠶᠠᠩ᠂ ᠲᠣᠰᠬᠤᠨ᠂ ᠣᠶ ᠰᠢᠭᠤᠶ ᠬᠠᠮᠠᠭᠠᠯᠠᠭᠴᠢ︾ ᠲᠠᠪᠤᠨ ᠱᠠᠲᠤᠨ ᠤ ᠣᠶ ᠰᠢᠭᠤᠶ | ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠲᠣᠤᠷᠵᠢᠭᠤᠯᠤᠭᠰᠠᠨ ᠬᠠᠮᠢᠶᠠᠷᠤᠯᠲᠠ ᠶᠢ ᠪᠥᠬᠦ ᠲᠠᠯ᠎ᠠ ᠪᠠᠷ | ᠨᠠᠶᠢᠳᠠᠪᠤᠷᠢᠵᠢᠭᠤᠯᠤᠨ᠎ᠠ᠃ ᠣᠷᠣᠨ ᠪᠦᠰᠡ ᠠᠯᠤᠰᠯᠠᠭᠰᠠᠨ ᠣᠶ ᠰᠢᠭᠤᠶ ᠨᠤᠲᠤᠭ ᠪᠡᠯᠴᠢᠭᠡᠷ ᠤᠨ ᠭᠠᠯ | ᠰᠡᠷᠭᠡᠶᠢᠯᠡᠬᠦ ᠶᠢ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠠᠵᠢᠯ ᠤᠨ ᠲᠣᠭᠲᠠᠴᠠ ᠶᠢ ᠪᠠᠶᠢᠭᠤᠯᠤᠨ | ᠲᠡᠭᠦᠯᠳᠡᠷᠵᠢᠭᠦᠯᠵᠦ᠂ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠲᠣᠳᠣᠷᠬᠠᠶᠢᠯᠠᠨ᠂ ᠭᠠᠯ ᠰᠡᠷᠭᠡᠶᠢᠯᠡᠬᠦ | ᠬᠠᠷᠢᠭᠤᠴᠠᠯᠭ᠎ᠠ ᠶᠢᠨ ᠡᠴᠦᠰ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠡᠯ᠎ᠡ ᠵᠦᠢᠯ ᠤᠨ ᠭᠠᠯ | ᠰᠡᠷᠭᠡᠶᠢᠯᠡᠬᠦ ᠠᠷᠭ᠎ᠠ ᠬᠡᠮᠵᠢᠶ᠎ᠡ ᠶᠢ ᠦᠨᠡᠨ ᠬᠦ ᠪᠣᠳᠠᠲᠠᠶ ᠨᠠᠷᠢᠯᠢᠭ ᠠᠳᠬᠤᠵᠤ᠂ ᠨᠠᠮ ᠵᠠᠰᠠᠭ ᠠᠳᠠᠯᠢ ᠬᠠᠷᠢᠭᠤᠴᠠᠯᠭ᠎ᠠ | ᠡᠭᠦᠷᠭᠡᠯᠡᠬᠦ᠂ ᠬᠠᠷᠢᠶ᠎ᠠ ᠣᠷᠣᠨ ᠬᠠᠷᠢᠭᠤᠴᠠᠬᠤ᠂ ᠰᠠᠯᠠᠭ᠎ᠠ ᠮᠥᠴᠢᠷ ᠬᠠᠮᠵᠢᠯᠴᠠᠬᠤ᠂ ᠪᠦᠬᠦ ᠣᠷᠣᠨ ᠪᠦᠰᠡ ᠶᠢ | ᠬᠠᠮᠤᠷᠤᠭᠰᠠᠨ ᠭᠠᠯ ᠰᠡᠷᠭᠡᠶᠢᠯᠡᠬᠦ ᠬᠠᠷᠢᠭᠤᠴᠠᠯᠭ᠎ᠠ ᠶᠢᠨ ᠰᠢᠰᠲ᠋ᠧᠮ ᠢ ᠪᠠᠶᠢᠭᠤᠯᠬᠤ ᠬᠡᠷᠡᠭᠲᠡᠶ᠃ | ᠲᠠᠪᠤ᠂ ᠤᠬᠠᠭᠤᠯᠭ᠎ᠠ ᠬᠥᠮᠦᠵᠢᠯ ᠢ ᠴᠢᠩᠭᠠᠳᠬᠠᠬᠤ ᠬᠡᠷᠡᠭᠲᠡᠶ | ᠡᠯ᠎ᠡ ᠭᠠᠵᠠᠷ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠣᠯᠠᠨ ᠵᠦᠢᠯ ᠤᠨ ᠠᠷᠭ᠎ᠠ ᠮᠠᠶ᠋ᠢᠭ ᠢ ᠠᠪᠴᠤ᠂ | ᠣᠯᠠᠨ ᠵᠦᠢᠯ ᠤᠨ ᠠᠴᠢᠶᠠᠯᠠᠪᠤᠷᠢ ᠶᠢ ᠬᠡᠷᠡᠭᠯᠡᠨ᠂ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠣᠯᠠᠨ | ᠲᠦᠮᠡᠨ ᠤ ᠭᠠᠯ ᠰᠡᠷᠭᠡᠶᠢᠯᠡᠬᠦ ᠦᠵᠡᠯ ᠤᠬᠠᠮᠰᠠᠷ ᠢ ᠴᠥᠬᠦᠷᠡᠰᠢ ᠦᠭᠡᠢ ᠬᠥᠮᠥᠵᠢᠭᠦᠯᠵᠦ᠂ ᠣᠶ ᠰᠢᠭᠤᠢ ᠨᠤᠲᠤᠭ | ᠪᠡᠯᠴᠢᠭᠡᠷ ᠤᠨ ᠭᠠᠯ ᠰᠡᠷᠭᠡᠶᠢᠯᠡᠬᠦ ᠤᠬᠠᠭᠤᠯᠭ᠎ᠠ ᠶᠢ ᠦᠵᠡᠮᠵᠢ ᠶᠢᠨ ᠣᠷᠣᠨ᠂ ᠠᠵᠤ ᠠᠬᠤᠶᠢᠯᠠᠯ᠂ ᠬᠥᠳᠡᠭᠡ | ᠲᠣᠰᠬᠤᠨ᠂ ᠨᠡᠶᠢᠭᠡᠮ ᠲᠣᠭᠤᠷᠢᠭ᠂ ᠰᠤᠷᠭᠠᠭᠤᠯᠢ᠂ ᠬᠡᠷ ᠪᠦᠯᠢ᠂ ᠱᠠᠰᠢᠨ ᠰᠤᠷᠲᠠᠬᠤᠨ ᠤ ᠲᠠᠯᠠᠪᠤᠷ ᠲᠤ | ᠣᠷᠣᠭᠤᠯᠬᠤ ᠠᠵᠢᠯᠯᠠᠭ᠎ᠠ ᠶᠢ ᠢᠳᠡᠪᠬᠢᠲᠡᠢ ᠥᠷᠨᠢᠭᠦᠯᠦᠨ᠎ᠡ᠃ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ | ᠤᠬᠠᠭᠤᠯᠭ᠎ᠠ ᠶᠢᠨ ᠣᠬᠤᠷ ᠹᠢᠯᠢᠮ᠂ ᠵᠠᠷ ᠮᠡᠳᠡᠭᠡ᠂ ᠤᠬᠠᠭᠤᠯᠭ᠎ᠠ ᠶᠢᠨ ᠣᠬᠤᠷ ᠮᠡᠳᠡᠭᠡ ᠵᠡᠷᠭᠡ ᠶᠢ ᠲᠠᠷᠬᠠᠭᠠᠨ | ᠬᠦᠷᠭᠡᠬᠦ ᠡᠷᠴᠢᠮ ᠢᠶᠠᠨ ᠴᠢᠩᠭᠠᠷᠠᠭᠤᠯᠵᠤ᠂ ᠤᠬᠠᠭᠤᠯᠭ᠎ᠠ ᠬᠥᠮᠦᠵᠢᠯ ᠤᠨ ᠠᠵᠢᠯ ᠤᠨ ᠶᠠᠰᠤ ᠴᠢᠨᠠᠷ ᠦᠷ᠎ᠡ | ᠪᠦᠲᠦᠮᠵᠢ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ ᠬᠡᠭᠡᠷ᠎ᠡ ᠭᠠᠳᠠᠨ᠎ᠠ ᠲᠣᠭᠲᠠᠭᠠᠯ ᠠᠴᠠ ᠵᠥᠷᠢᠴᠡᠨ ᠭᠠᠯ | ᠬᠡᠷᠡᠭᠯᠡᠭᠰᠡᠨ ᠨᠡᠶᠢᠲᠡᠯᠢᠭ ᠬᠡᠷᠡᠭ ᠤᠨ ᠵᠢᠱᠢᠶ᠎ᠡ ᠶᠢᠨ ᠰᠡᠷᠡᠮᠵᠢᠯᠡᠭᠦᠯᠬᠦ ᠬᠥᠮᠦᠵᠢᠯ ᠢ ᠴᠢᠩᠭᠠᠳᠬᠠᠵᠤ᠂ ᠨᠡᠶᠢᠭᠡᠮ | ᠨᠡᠶᠢᠲᠡ ᠶᠢᠨ ᠬᠠᠷᠢᠭᠤᠴᠠᠯᠭ᠎ᠠ ᠶᠢᠨ ᠦᠵᠡᠯ ᠤᠬᠠᠮᠰᠠᠷ᠂ ᠠᠮᠤᠷ ᠲᠦᠪᠰᠢᠨ ᠤ ᠦᠵᠡᠯ ᠤᠬᠠᠮᠰᠠᠷ ᠪᠠ ᠬᠠᠤᠯᠢ ᠪᠠᠷ | ᠵᠠᠰᠠᠬᠤ ᠦᠵᠡᠯ ᠤᠬᠠᠮᠰᠠᠷ ᠢ ᠴᠢᠩᠭᠠᠷᠠᠭᠤᠯᠤᠨ᠂ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠢ | ᠰᠡᠷᠭᠡᠶᠢᠯᠡᠬᠦ᠂ ᠠᠶᠤᠯ ᠠᠴᠠ ᠵᠠᠶᠢᠯᠠᠬᠤ᠂ ᠥᠪᠡᠷ ᠢ ᠪᠠᠨ ᠠᠪᠤᠷᠠᠬᠤ᠂ ᠬᠠᠷᠢᠯᠴᠠᠨ ᠠᠪᠤᠷᠠᠬᠤ ᠪᠠ ᠭᠠᠮᠰᠢᠭ ᠢ | ᠪᠠᠭᠠᠰᠬᠠᠬᠤ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠶ᠃ | ᠵᠢᠷᠭᠤᠭ᠎ᠠ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠪᠠ ᠰᠢᠨᠵᠢᠯᠡᠬᠦ ᠤᠬᠠᠭᠠᠨᠴᠢ ᠪᠠᠷ ᠰᠢᠢᠳᠪᠦᠷᠢᠯᠡᠬᠦ ᠶᠢ | ᠴᠢᠩᠭᠠᠳᠬᠠᠬᠤ ᠬᠡᠷᠡᠭᠲᠡᠢ | ᠡᠯ᠎ᠡ ᠭᠠᠵᠠᠷ ᠤᠨ ᠬᠢᠨ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠢ ᠤᠷᠢᠳᠴᠢᠯᠠᠨ ᠰᠡᠷᠡᠮᠵᠢᠯᠡᠭᠦᠯᠬᠦ | ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠲᠡᠶ᠃ ᠡᠯ᠎ᠡ ᠱᠠᠲᠤᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ | ᠰᠡᠷᠭᠡᠶᠢᠯᠡᠨ ᠤᠨᠲᠠᠷᠠᠭᠠᠬᠤ ᠠᠵᠢᠯ ᠤᠨ ᠵᠢᠯᠣᠭᠤᠳᠬᠤ ᠪᠠᠶᠢᠭᠤᠯᠤᠮᠵᠢ ᠨᠤᠭᠤᠳ 24 ᠴᠠᠭ ᠢᠶᠠᠷ ᠵᠢᠵᠢᠭᠦᠷᠯᠡᠨ | ᠳᠠᠭᠠᠭᠤᠯᠬᠤ ᠲᠦᠷᠢᠮ ᠢ ᠴᠢᠩᠭ᠎ᠠ ᠬᠡᠷᠡᠭᠵᠢᠭᠦᠯᠵᠦ᠂ ᠵᠢᠵᠢᠭᠦᠷᠯᠡᠨ ᠰᠠᠬᠢᠬᠤ ᠪᠠᠨ ᠴᠢᠩᠭᠠᠳᠬᠠᠨ᠂ ᠨᠢᠭᠲᠠ ᠬᠢᠨᠠᠨ | ᠬᠡᠮᠵᠢᠵᠦ᠂ ᠭᠠᠯ ᠲᠦᠢᠮᠡᠷ ᠤᠨ ᠪᠠᠶᠢᠳᠠᠯ ᠤᠨ ᠮᠡᠳᠡᠭᠡ ᠵᠠᠩᠭᠢ ᠶᠢ ᠴᠠᠭ ᠲᠤᠬᠠᠶ ᠳᠤᠨᠢ ᠳᠡᠭᠡᠭᠰᠢ ᠮᠡᠳᠡᠭᠦᠯᠵᠦ᠂ | ᠵᠠᠰᠠᠭ ᠤᠨ ᠵᠠᠷᠯᠢᠭ ᠤᠨ ᠰᠠᠭᠠᠳ ᠥᠬᠡᠶ ᠶᠠᠪᠤᠭᠳᠠᠬᠤ ᠶᠢ ᠦᠨᠡᠨᠬᠦ ᠪᠠᠲᠤᠯᠠᠬᠤ ᠬᠡᠷᠡᠭᠲᠡᠶ᠃ ᠮᠡᠳᠡᠭᠡ ᠵᠠᠩᠭᠢ ᠶᠢ | ᠮᠡᠳᠡᠭᠦᠯᠦᠨ ᠬᠦᠷᠭᠡᠬᠦ ᠲᠣᠭᠲᠠᠴᠠ ᠶᠢ ᠴᠢᠩᠭ᠎ᠠ ᠬᠡᠷᠡᠭᠵᠢᠭᠦᠯᠵᠦ᠂ ︽ᠭᠠᠯ ᠪᠠᠶᠢᠪᠠᠯ ᠵᠠᠪᠠᠯ ᠮᠡᠳᠡᠭᠦᠯᠬᠦ᠂ | ᠳᠠᠭᠠᠷᠢᠯᠲᠠ ᠶᠢ ᠵᠡᠷᠭᠡᠪᠡᠷ ᠬᠡᠷᠡᠭᠵᠢᠭᠦᠯᠬᠦ᠂ ᠰᠢᠰᠲ᠋ᠧᠮᠵᠢᠭᠦᠯᠦᠨ ᠳᠡᠭᠡᠭᠰᠢ ᠮᠡᠳᠡᠭᠦᠯᠬᠦ︾ ᠶᠢ ᠪᠠᠷᠢᠮᠲᠠᠯᠠᠬᠤ ᠬᠡᠷᠡᠭᠲᠡᠶ᠃ | ᠭᠠᠯ ᠰᠡᠷᠭᠡᠶᠢᠯᠡᠬᠦ ᠭᠠᠯ ᠤᠨᠲᠠᠷᠠᠭᠠᠬᠤ ᠡᠩᠨᠡᠭᠡ ᠶᠢᠨ ᠪᠠᠶᠢᠭᠤᠯᠤᠯᠲᠠ ᠶᠢ ᠴᠢᠬᠤᠯᠠᠴᠢᠯᠠᠵᠤ᠂ ᠣᠶ ᠰᠢᠭᠤᠶ ᠨᠤᠲᠤᠭ | ᠪᠡᠯᠴᠢᠭᠡᠷ ᠤᠨ ᠭᠠᠯ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠴᠢᠩᠭ᠎ᠠ ᠵᠢᠷᠤᠮᠯᠠᠨ᠂ | ᠬᠠᠨᠳᠤᠯᠭᠠᠲᠤ ᠴᠢᠨᠠᠷᠲᠠᠶ ᠰᠣᠷᠢᠯᠲᠠ ᠶᠢ ᠴᠢᠩᠭᠠᠷᠠᠭᠤᠯᠵᠤ᠂ ᠬᠥᠳᠡᠯᠦᠩᠭᠦᠶ ᠪᠠᠷ ᠰᠢᠯᠢᠳᠡᠭᠵᠢᠭᠦᠯᠦᠨ ᠪᠠᠶᠢᠷᠢᠯᠠᠭᠤᠯᠵᠤ᠂ | ᠲᠦᠢᠯ ᠤᠨ ᠶᠡᠭᠡ ᠪᠠᠶᠢᠳᠠᠯ ᠢ ᠪᠦᠲᠦᠮᠵᠢᠲᠡᠶ ᠠᠷᠭᠠᠴᠠᠬᠤ ᠬᠡᠷᠡᠭᠲᠡᠶ᠃ ᠡᠯ᠎ᠡ ᠲᠥᠷᠥᠯ ᠤᠨ ᠣᠶ ᠰᠢᠭᠤᠶ ᠨᠤᠲᠤᠭ | ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠲᠣᠨᠤᠭ ᠲᠥᠬᠦᠭᠡᠷᠦᠮᠵᠢ ᠶᠢ ᠪᠦᠷᠢᠨ ᠭᠦᠢᠴᠡᠳ ᠳᠣᠭᠢᠷᠠᠭᠤᠯᠵᠤ᠂ | ᠤᠰᠤ ᠪᠠᠷ ᠭᠠᠯ ᠤᠨᠲᠠᠷᠠᠭᠠᠬᠤ ᠪᠠ ᠰᠢᠨ᠎ᠡ ᠬᠡᠯᠪᠡᠷᠢ ᠶᠢᠨ ᠲᠣᠨᠤᠭ ᠲᠥᠬᠦᠭᠡᠷᠦᠮᠵᠢ ᠶᠢᠨ ᠬᠡᠷᠡᠭᠯᠡᠯᠲᠡ ᠶᠢ | ᠴᠢᠩᠭᠠᠷᠠᠭᠤᠯᠤᠨ᠂ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠢ ᠶᠡᠷᠦᠩᠬᠡᠶᠢᠯᠡᠨ ᠰᠡᠷᠭᠡᠶᠢᠯᠡᠨ ᠡᠵᠡᠮᠳᠡᠬᠦ | ᠪᠠ ᠭᠠᠯ ᠤᠨ ᠪᠠᠶᠢᠳᠠᠯ ᠢ ᠡᠷᠲᠡ ᠰᠢᠢᠳᠪᠦᠷᠢᠯᠡᠬᠦ ᠴᠢᠳᠠᠪᠤᠷᠢ ᠶᠢ ᠲᠠᠰᠤᠷᠠᠯᠲᠠ ᠥᠬᠡᠶ ᠴᠢᠩᠭᠠᠷᠠᠭᠤᠯᠤᠨ᠎ᠠ᠃ | ᠳᠣᠯᠤᠭ᠎ᠠ᠂ ᠴᠢᠩᠭ᠎ᠠ ᠬᠢᠨᠠᠨ ᠵᠢᠯᠣᠭᠤᠳᠴᠤ ᠪᠠᠶᠢᠴᠠᠭᠠᠬᠤ | ᠡᠯ᠎ᠡ ᠭᠠᠵᠠᠷ ᠤᠨ ᠬᠢᠨ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠤᠨ ᠳᠠᠯᠳᠠ ᠭᠡᠮ ᠤᠨ ᠪᠦᠬᠦ | ᠲᠠᠯ᠎ᠠ ᠶᠢᠨ᠂ ᠲᠣᠣᠷ ᠲᠠᠲᠠᠬᠤ ᠬᠡᠯᠪᠡᠷᠢ ᠶᠢᠨ ᠶᠡᠭᠡ ᠪᠠᠶᠢᠴᠠᠭᠠᠯᠲᠠ ᠶᠢ ᠥᠷᠨᠢᠭᠦᠯᠵᠦ᠂ ᠬᠠᠤᠯᠢ ᠲᠣᠭᠲᠠᠭᠠᠯ ᠠᠴᠠ | ᠵᠥᠷᠢᠴᠡᠨ ᠬᠡᠭᠡᠷ᠎ᠡ ᠭᠠᠳᠠᠨ᠎ᠠ ᠭᠠᠯ ᠬᠡᠷᠡᠭᠯᠡᠬᠦ ᠶᠢ ᠢᠯᠡᠴᠢᠯᠡᠨ ᠮᠡᠳᠡᠭᠦᠯᠦᠭᠰᠡᠨ ᠢ ᠱᠠᠩᠨᠠᠬᠤ ᠲᠣᠭᠲᠠᠴᠠ ᠶᠢ | ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠦᠷᠭᠦᠯᠵᠢᠯᠡᠨ ᠠᠬᠢᠭᠤᠯᠵᠤ᠂ ᠲᠣᠭᠲᠠᠭᠠᠯ ᠠᠴᠠ ᠵᠥᠷᠢᠴᠡᠨ | ᠭᠠᠯ ᠬᠡᠷᠡᠭᠯᠡᠭᠰᠡᠨ ᠦᠢᠯᠡ ᠠᠵᠢᠯᠯᠠᠭ᠎ᠠ ᠵᠢᠴᠢ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠬᠡᠷᠡᠭ ᠢ ᠪᠠᠶᠢᠴᠠᠭᠠᠨ | ᠰᠢᠢᠳᠪᠦᠷᠢᠯᠡᠵᠦ ᠴᠣᠬᠢᠯᠲᠠ ᠥᠭᠬᠦ ᠡᠷᠴᠢᠮ ᠢᠶᠠᠨ ᠴᠢᠩᠭᠠᠷᠠᠭᠤᠯᠵᠤ᠂ ᠨᠢᠭᠡ ᠶᠢ ᠣᠯᠵᠤ ᠮᠡᠳᠡᠪᠡᠯ ᠨᠢᠭᠡ ᠶᠢ | ᠪᠠᠶᠢᠴᠠᠭᠠᠨ ᠰᠢᠢᠳᠪᠦᠷᠢᠯᠡᠵᠦ᠂ ᠨᠢᠭᠡ ᠬᠡᠰᠡᠭ ᠢ ᠰᠦᠷᠳᠡᠭᠦᠯᠬᠦ ᠬᠡᠷᠡᠭᠲᠡᠶ᠃ ᠡᠯ᠎ᠡ ᠱᠠᠲᠤᠨ ᠤ ᠣᠶ ᠰᠢᠭᠤᠶ ᠨᠤᠲᠤᠭ | ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠤᠨ ᠵᠢᠯᠣᠭᠤᠳᠬᠤ ᠭᠠᠵᠠᠷ ᠤᠨ ᠬᠠᠷᠢᠭᠤᠴᠠᠯᠭᠠᠲᠠᠨ ᠪᠣᠯᠤᠨ | ᠪᠦᠷᠢᠯᠳᠦᠬᠦᠨ ᠨᠢᠭᠡᠴᠢ ᠶᠢᠨ ᠬᠠᠷᠢᠭᠤᠴᠠᠯᠭᠠᠲᠠᠨ ᠨᠠᠷ ᠭᠠᠯ ᠤᠨ ᠠᠶᠤᠯ ᠶᠡᠬᠡᠲᠡᠶ ᠬᠤᠭᠤᠴᠠᠭᠠᠨ ᠳᠤ ᠦᠨᠳᠦᠰᠦᠨ | ᠱᠠᠲᠤᠨ ᠤ ᠨᠢᠭᠡᠳᠦᠭᠡᠷ ᠹᠷᠣᠨᠲ ᠲᠤ ᠭᠦᠨᠵᠡᠭᠡᠶᠢᠷᠡᠨ ᠬᠡᠰᠡᠭ ᠳᠠᠭᠠᠭᠠᠴᠢᠯᠠᠨ ᠵᠢᠯᠣᠭᠤᠳᠴᠤ ᠪᠠᠶᠢᠴᠠᠭᠠᠵᠤ᠂ ᠠᠶᠤᠯ | ᠲᠦᠭᠰᠢᠭᠦᠷᠢ ᠬᠡᠮ ᠰᠣᠭᠤᠭ ᠢ ᠨᠠᠷᠢᠨ ᠬᠢᠨᠠᠮᠠᠭᠠᠶ ᠵᠢᠭᠰᠠᠭᠠᠨ ᠪᠠᠶᠢᠴᠠᠭᠠᠵᠤ᠂ ᠬᠥᠨᠳᠡᠯᠡᠨ ᠭᠤᠯᠳᠤ ᠪᠠᠷ ᠡᠴᠦᠰ ᠲᠤᠨᠢ | ᠲᠤᠯᠲᠠᠯ᠎ᠠ ᠬᠢᠬᠦ ᠬᠡᠷᠡᠭᠲᠡᠶ᠃ ᠭᠠᠯ ᠤᠨ ᠠᠶᠤᠯ ᠶᠡᠬᠡᠲᠡᠶ ᠣᠷᠣᠨ ᠢ ᠲᠣᠭᠤᠷᠢᠨ ᠬᠠᠮᠠᠭᠠᠯᠠᠵᠤ ᠬᠠᠮᠢᠶᠠᠷᠤᠨ ᠡᠵᠡᠮᠳᠡᠬᠦ ᠶᠢ | ᠴᠢᠩᠭᠠᠳᠬᠠᠵᠤ᠂ ᠰᠡᠷᠭᠡᠭ ᠭᠠᠵᠠᠷ ᠣᠷᠣᠨ ᠪᠣᠯᠤᠨ ᠴᠢᠬᠤᠯᠠ ᠲᠥᠬᠦᠭᠡᠷᠦᠮᠵᠢ ᠶᠢ ᠴᠢᠩᠭ᠎ᠠ ᠬᠠᠷᠠᠵᠤ ᠰᠠᠬᠢᠬᠤ | ᠬᠡᠷᠡᠭᠲᠡᠶ᠃ ᠪᠠᠶᠢᠴᠠᠭᠠᠯᠲᠠ ᠶᠢᠨ ᠳᠤᠮᠳᠠ ᠣᠯᠵᠤ ᠮᠡᠳᠡᠭᠰᠡᠨ ᠠᠰᠠᠭᠤᠳᠠᠯ ᠢ ᠬᠤᠯᠪᠣᠭᠳᠠᠯ ᠪᠦᠬᠦᠢ ᠨᠢᠭᠡᠴᠢ ᠶᠢ | ᠵᠠᠷᠯᠢᠭᠳᠠᠵᠤ ᠪᠠᠶᠢᠭᠠᠳ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠵᠤ᠂ ᠴᠡᠭᠴᠡᠯᠡᠨ ᠰᠠᠶᠢᠵᠢᠷᠠᠭᠤᠯᠬᠤ ᠶᠢ | ᠲᠡᠪᠴᠢᠭᠰᠡᠨ ᠪᠠᠶᠢᠪᠠᠯ᠂ ᠲᠣᠭᠲᠠᠭᠠᠯ ᠰᠠᠬᠢᠯᠭ᠎ᠠ ᠪᠠᠲᠤ ᠬᠠᠤᠯᠢ ᠴᠠᠭᠠᠵᠠ ᠶᠣᠰᠣᠭᠠᠷ ᠴᠢᠩᠭ᠎ᠠ ᠰᠢᠢᠳᠪᠦᠷᠢᠯᠡᠬᠦ ᠬᠡᠷᠡᠭᠲᠡᠶ᠃ | ᠶᠠᠮᠠᠷᠪᠠ ᠨᠢᠭᠡᠴᠢ ᠪᠠ ᠬᠤᠪᠢ ᠬᠥᠮᠦᠨ ᠣᠶ ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠤᠨ ᠪᠠᠶᠢᠳᠠᠯ ᠢ | ᠣᠯᠵᠤ ᠮᠡᠳᠡᠪᠡᠯ᠂ ᠳᠠᠷᠦ᠋ᠢᠬᠠᠨ 12119 ᠣᠶ ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠤᠨ ᠰᠡᠷᠡᠮᠵᠢ ᠶᠢᠨ | ᠤᠲᠠᠰᠤ ᠪᠠᠷ ᠴᠠᠭᠳᠠᠭ᠎ᠠ ᠳᠤ ᠮᠡᠳᠡᠭᠦᠯᠬᠦ ᠬᠡᠷᠡᠭᠲᠡᠶ᠃ | 2025 ᠣᠨ ᠤ 3 ᠰᠠᠷ᠎ᠠ ᠶᠢᠨ 18 ᠤ ᠡᠳᠦᠷ | ︵ᠲᠤᠰ ᠮᠠᠲ᠋ᠧᠷᠢᠶᠠᠯ ᠢ ᠢᠯᠡ ᠨᠡᠶᠢᠲᠡᠯᠡᠨ᠎ᠡ︶ | | ᠣᠷᠴᠢᠭᠤᠯᠤᠭᠴᠢ᠄ ᠭᠤᠸ᠎ᠠ | ᠬᠢᠨᠠᠭᠴᠢ᠄ ᠠᠷᠢᠭᠤᠨ |