| | 3 ᠰᠠᠷ᠎ᠠ ᠶᠢᠨ 25 ᠤ ᠡᠳᠦᠷ᠂ ᠪᠥᠬᠦ ᠣᠷᠣᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ | ᠤᠨᠲᠠᠷᠠᠭᠠᠬᠤ ᠬᠤᠷᠠᠯ ᠬᠤᠷᠠᠯᠳᠤᠪᠠ᠃ | ᠬᠤᠷᠠᠯ ᠠᠴᠠ ᠬᠠᠩᠰᠢ ᠶᠢᠨ ᠬᠤᠭᠤᠴᠠᠭᠠᠨ ᠳᠠᠬᠢ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ | ᠤᠨᠲᠠᠷᠠᠭᠠᠬᠤ ᠠᠵᠢᠯ ᠢ ᠪᠠᠶᠢᠷᠢᠯᠠᠭᠤᠯᠪᠠ︔ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ᠂ ᠴᠡᠴᠡᠷᠯᠢᠭ ᠤᠨ | ᠬᠠᠮᠢᠶᠠᠷᠤᠯᠲᠠ᠂ ᠠᠷᠠᠳ ᠤᠨ ᠶᠠᠪᠤᠳᠠᠯ ᠵᠡᠷᠭᠡ ᠰᠠᠯᠠᠭ᠎ᠠ ᠮᠥᠴᠢᠷ ᠵᠢᠴᠢ ᠨᠢᠬᠡ ᠰᠢᠶᠠᠩ ᠨᠢᠭᠡ ᠪᠠᠯᠭᠠᠰᠤᠨ ᠤ | ᠬᠠᠩᠰᠢ ᠶᠢᠨ ᠡᠳᠦᠷ ᠤᠨ ᠬᠤᠭᠤᠴᠠᠭᠠᠨ ᠳᠠᠬᠢ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ | ᠠᠵᠢᠯ ᠤᠨ ᠪᠠᠶᠢᠷᠢᠯᠠᠭᠤᠯᠤᠯᠲᠠ ᠶᠢᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠪᠠ᠃ | ᠬᠤᠷᠠᠯ ᠠᠴᠠ᠂ ᠰᠡᠷᠭᠡᠶᠢᠯᠡᠬᠦ ᠪᠠᠷ ᠭᠤᠣᠯ ᠪᠣᠯᠭᠠᠬᠤ ᠶᠢ ᠪᠠᠷᠢᠮᠲᠠᠯᠠᠵᠤ᠂ ᠤᠬᠠᠭᠤᠯᠭ᠎ᠠ ᠬᠥᠮᠦᠵᠢᠯ᠂ ᠭᠠᠯ ᠤᠨ | ᠡᠬᠢ ᠰᠤᠷᠪᠤᠯᠵᠢ ᠶᠢ ᠬᠠᠮᠢᠶᠠᠷᠤᠨ ᠡᠵᠡᠮᠳᠡᠬᠦ ᠪᠠ ᠲᠣᠭᠤᠷᠢᠨ ᠪᠠᠶᠢᠴᠠᠭᠠᠵᠤ ᠲᠣᠭᠤᠷᠢᠨ ᠬᠠᠮᠠᠭᠠᠯᠠᠬᠤ ᠶᠢ | ᠴᠢᠩᠭᠠᠳᠬᠠᠵᠤ᠂ ᠠᠮᠤᠷ ᠲᠦᠪᠰᠢᠨ ᠤ ᠭᠡᠮ ᠰᠣᠭᠤᠭ ᠢ ᠴᠠᠭ ᠲᠤᠬᠠᠢ ᠳᠤᠨᠢ ᠢᠯᠡᠷᠡᠭᠦᠯᠬᠦ ᠪᠠ ᠠᠷᠢᠯᠭᠠᠵᠤ᠂ | ᠠᠰᠠᠭᠤᠳᠠᠯ ᠢ ᠴᠤᠬᠤᠶᠢᠬᠤ ᠠᠴᠠ ᠡᠮᠦᠨ᠎ᠡ ᠰᠢᠢᠳᠪᠦᠷᠢᠯᠡᠬᠦ ᠬᠡᠷᠡᠭᠲᠡᠢ᠃ ᠬᠢᠨᠠᠨ ᠬᠡᠮᠵᠢᠵᠦ ᠤᠷᠢᠳᠴᠢᠯᠠᠨ | ᠰᠡᠷᠡᠮᠵᠢᠯᠡᠭᠦᠯᠬᠦ ᠶᠢ ᠴᠢᠩᠭᠠᠳᠬᠠᠵᠤ᠂ 24 ᠴᠠᠭ ᠢᠶᠠᠷ ᠵᠢᠵᠢᠭᠦᠷᠯᠡᠬᠦ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ | ᠮᠡᠳᠡᠭᠡ ᠵᠠᠩᠭᠢ ᠶᠢ ᠴᠤᠭᠯᠠᠭᠤᠯᠬᠤ ᠪᠠ ᠳᠡᠭᠡᠭᠰᠢ ᠮᠡᠳᠡᠭᠦᠯᠬᠦ ᠠᠵᠢᠯ ᠢ ᠰᠠᠶᠢᠲᠤᠷ ᠬᠢᠵᠦ᠂ ᠭᠠᠯ ᠤᠨ ᠠᠶᠤᠯ ᠤᠨ | ᠮᠡᠳᠡᠭᠡ ᠵᠠᠩᠭᠢ ᠶᠢ ᠴᠠᠭ ᠲᠤᠬᠠᠶ ᠳᠤᠨᠢ ᠡᠵᠡᠮᠰᠢᠵᠦ᠂ ᠭᠡᠨᠡᠳᠲᠡ ᠶᠢᠨ ᠭᠠᠯ ᠤᠨ ᠠᠶᠤᠯ ᠢ ᠰᠢᠨᠵᠢᠯᠡᠬᠦ ᠤᠬᠠᠭᠠᠨᠴᠢ ᠪᠠᠷ | ᠵᠣᠬᠢᠶᠠᠨ ᠪᠠᠶᠢᠭᠤᠯᠵᠤ᠂ ᠥᠨᠳᠥᠷ ᠪᠦᠲᠦᠮᠵᠢᠲᠡᠶ ᠪᠠᠷ ᠠᠷᠭᠠᠴᠠᠬᠤ ᠬᠡᠷᠡᠭᠲᠡᠶ᠃ ᠡᠭᠦᠷᠭᠡ ᠬᠠᠷᠢᠭᠤᠴᠠᠯᠭ᠎ᠠ ᠶᠢᠨ | ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠵᠤ᠂ ᠡᠭᠦᠷᠭᠡ ᠬᠠᠷᠢᠭᠤᠴᠠᠯᠭ᠎ᠠ ᠶᠢᠨ ᠦᠢᠯᠡᠳᠦᠯ ᠴᠢᠳᠠᠪᠤᠷᠢ ᠶᠢ ᠭᠦᠢᠴᠡᠳ | ᠪᠠᠳᠠᠷᠠᠭᠤᠯᠤᠨ᠂ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠠᠵᠢᠯ ᠤᠨ | ᠪᠠᠶᠢᠷᠢᠯᠠᠭᠤᠯᠤᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠪᠠᠲᠤᠯᠠᠬᠤ ᠬᠡᠷᠡᠭᠲᠡᠢ | ᠭᠡᠵᠤ ᠴᠢᠬᠤᠯᠠᠴᠢᠯᠠᠪᠠ᠃ | ᠤᠷᠴᠢᠭᠤᠯᠤᠭᠴᠢ᠄ ᠬᠦᠰᠡᠯ | ᠬᠢᠨᠠᠭᠴᠢ᠄ ᠠᠷᠢᠭᠤᠨ |