3 ᠰᠠᠷ᠎ᠠ ᠶᠢᠨ 25 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ | ᠬᠤᠲᠠ ᠶᠢᠨ ᠳᠠᠷᠤᠭ᠎ᠠ ᠯᠢᠦ ᠬᠠᠶ ᠴᠢᠤᠸᠠᠨ ᠴᠠᠬᠠᠷ ᠳᠡᠭᠡᠳᠦ ᠰᠢᠨ᠎ᠡ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠲᠤ | ᠭᠦᠨᠵᠡᠭᠡᠶᠢᠷᠡᠨ ᠠᠵᠤ ᠠᠬᠤᠶᠢᠯᠠᠯ ᠤᠨ ᠠᠵᠢᠯᠯᠠᠭᠠᠨ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ᠂ | ᠬᠤᠳᠠᠯᠳᠤᠭᠠᠴᠢᠨ ᠤᠷᠢᠵᠤ ᠪᠠᠯᠠ ᠣᠷᠣᠭᠤᠯᠬᠤ᠂ ᠠᠶᠤᠯᠭᠦᠶ ᠦᠢᠯᠡᠳᠪᠦᠷᠢᠯᠡᠯ ᠵᠡᠷᠭᠡ ᠠᠵᠢᠯ ᠢ ᠪᠠᠶᠢᠴᠠᠭᠠᠨ | ᠰᠤᠳᠤᠯᠤᠭᠰᠠᠨ ᠪᠥᠭᠡᠳ ᠲᠤᠬᠠᠶ ᠶᠢᠨ ᠲᠠᠯᠠᠪᠤᠷ ᠲᠤ ᠠᠵᠢᠯᠯᠠᠪᠠ᠃ | ᠯᠢᠦ ᠬᠠᠶ ᠴᠢᠤᠸᠠᠨ ᠤᠷᠢᠳ ᠬᠤᠵᠢᠳ ᠶᠤᠸᠠᠢ ᠺᠧ ᠲᠤᠭ᠎ᠠ ᠪᠠᠷᠢᠮᠲᠠ᠂ ᠵᠢᠶᠠ ᠢᠦᠶ ᠲᠠᠷᠢᠶᠠᠯᠠᠩ᠂ ᠱᠤ᠋ ᠳ᠋ᠣᠤ | ᠣᠶᠤᠨᠴᠢ ᠪᠣᠳᠣᠯᠲᠠ᠂ ᠶᠢᠦ ᠵᠢᠶᠠ ᠡᠮᠴᠢᠯᠡᠭᠡᠨ ᠳᠤ ᠬᠡᠷᠡᠭᠯᠡᠬᠦ ᠮᠠᠲ᠋ᠧᠷᠢᠶᠠᠯ᠂ ᠶᠤᠸᠠᠨ ᠵᠢᠩ ᠡᠨᠧᠷᠭᠢ᠂ ᠴᠠᠩ ᠶᠢᠦ | ᠰᠢᠨᠵᠢᠯᠡᠬᠦ ᠤᠬᠠᠭᠠᠨ ᠮᠡᠷᠭᠡᠵᠢᠯ ᠵᠡᠷᠭᠡ ᠠᠵᠤ ᠠᠬᠤᠶᠢᠯᠠᠯ ᠵᠢᠴᠢ ᠲᠥᠷᠥᠯ ᠵᠦᠢᠯ ᠤᠨ ᠪᠠᠷᠢᠯᠭ᠎ᠠ ᠶᠢᠨ ᠲᠤᠬᠠᠶ ᠶᠢᠨ | ᠲᠠᠯᠠᠪᠠᠶ ᠳᠤ ᠬᠦᠷᠴᠦ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ᠂ ᠦᠢᠯᠡᠳᠪᠦᠷᠢᠯᠡᠯ ᠡᠵᠡᠩᠨᠡᠯᠲᠡ ᠪᠠ | ᠠᠶᠤᠯᠭᠦᠶ ᠦᠢᠯᠡᠳᠪᠦᠷᠢᠯᠡᠯ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ ᠠᠵᠤ ᠠᠬᠤᠶᠢᠯᠠᠯ ᠤᠨ ᠬᠢᠨ ᠢ | ᠪᠠᠷᠢᠯᠭ᠎ᠠ ᠶᠢᠨ ᠠᠵᠢᠯ ᠤᠨ ᠠᠰᠢᠭᠲᠠᠢ ᠠᠵᠠ ᠲᠣᠬᠢᠶᠠᠯ ᠢ ᠠᠮᠵᠢᠵᠤ᠂ ᠲᠦᠷᠦᠯ ᠵᠦᠢᠯ ᠤᠨ ᠪᠦᠳᠦᠭᠡᠨ | ᠪᠠᠶᠢᠭᠤᠯᠤᠯᠲᠠ ᠶᠢᠨ ᠬᠤᠷᠳᠤᠴᠠ ᠶᠢ ᠳᠡᠭᠡᠭᠰᠢᠯᠡᠭᠦᠯᠦᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠪᠦᠲᠦᠮᠵᠢ ᠶᠢ | ᠳᠡᠭᠡᠭᠰᠢᠯᠡᠭᠦᠯᠬᠦ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ ᠭᠡᠵᠦ ᠵᠠᠬᠢᠪᠠ᠃ ᠳᠡᠭᠡᠳᠦ ᠰᠢᠨ᠎ᠡ | ᠮᠡᠷᠭᠡᠵᠢᠯ ᠤᠨ ᠣᠷᠣᠨ ᠪᠣᠯᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠰᠠᠨᠠᠭᠠᠴᠢᠯᠠᠭ᠎ᠠ ᠠᠴᠠ ᠪᠠᠨ | ᠰᠡᠳᠬᠢᠯ ᠲᠠᠯᠪᠢᠨ ᠬᠦᠴᠦᠯᠡᠨ ᠦᠢᠯᠡᠴᠢᠯᠡᠵᠦ᠂ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠢ ᠦᠷᠭᠦᠯᠵᠢᠯᠡᠨ | ᠰᠢᠯᠢᠳᠡᠭᠵᠢᠭᠦᠯᠵᠦ᠂ ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠵᠤ᠂ ᠠᠷᠭ᠎ᠠ ᠪᠦᠬᠦᠨ ᠢ ᠰᠦᠪᠡᠭᠴᠢᠯᠡᠨ ᠲᠦᠷᠦᠯ | ᠵᠦᠢᠯ ᠤᠨ ᠠᠵᠤ ᠠᠬᠤᠶᠢᠯᠠᠯ ᠢ ᠬᠠᠪᠰᠤᠷᠤᠨ ᠠᠵᠢᠯ ᠡᠬᠢᠯᠡᠭᠦᠯᠦᠨ ᠠᠵᠢᠯ ᠢᠶᠠᠨ ᠰᠡᠷᠭᠦᠭᠡᠵᠦ᠂ ᠦᠷ᠎ᠡ ᠠᠰᠢᠭ ᠢ ᠨᠢ | ᠨᠡᠮᠡᠭᠳᠡᠭᠦᠯᠬᠦ ᠬᠡᠷᠡᠭᠲᠡᠢ ᠭᠡᠵᠦ ᠱᠠᠭᠠᠷᠳᠠᠪᠠ᠃ | ᠠᠯᠪᠠᠯᠠᠬᠤ ᠬᠤᠷᠠᠯ ᠳᠡᠭᠡᠷ᠎ᠡ᠂ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠪᠣᠯᠤᠨ ᠬᠤᠳᠠ ᠶᠢᠨ ᠲᠤᠮᠤ | ᠳ᠋ᠠᠶᠢᠲ᠋ᠠ ᠶᠢᠨ ᠲᠣᠪᠴᠢᠶ᠎ᠠ ᠶᠢᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ᠂ | ᠯᠢᠦ ᠬᠠᠢ ᠴᠢᠤᠸᠠᠨ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠲᠤᠮᠤ ᠳ᠋ᠠᠶᠢᠲ᠋ᠠ ᠶᠢᠨ ᠠᠵᠤ ᠦᠢᠯᠡᠰ ᠤᠨ | ᠬᠥᠭᠵᠢᠯᠲᠡ ᠶᠢᠨ ᠲᠣᠭᠤᠷᠢᠨ ᠳᠤ ᠰᠠᠨᠠᠯ ᠢᠶᠠᠨ ᠭᠦᠨᠵᠡᠭᠡᠢ ᠰᠣᠯᠢᠯᠴᠠᠵᠤ᠂ ᠣᠷᠣᠰᠢᠵᠤ ᠪᠠᠶᠢᠭ᠎ᠠ ᠬᠦᠴᠢᠷᠳᠡᠯ ᠪᠣᠯᠤᠨ | ᠠᠰᠠᠭᠤᠳᠠᠯ ᠢ ᠰᠤᠳᠤᠯᠤᠨ ᠰᠢᠢᠳᠪᠦᠷᠢᠯᠡᠪᠡ᠃ ᠲᠡᠷᠡ᠂ ᠪᠦᠬᠦ ᠬᠤᠳᠠ ᠪᠠᠷ ᠢᠶᠠᠨ ᠴᠠᠭ ᠬᠤᠭᠤᠴᠠᠭ᠎ᠠ ᠶᠢ ᠠᠮᠵᠢᠵᠤ᠂ | ᠲᠡᠷᠢᠭᠦᠨ ᠵᠡᠷᠭᠡ ᠶᠢᠨ ᠪᠣᠯᠬᠤ ᠪᠠᠷ ᠴᠢᠷᠮᠠᠶᠢᠵᠤ᠂ ᠭᠤᠣᠯᠳᠠᠯᠭ᠎ᠠ ᠶᠢ ᠲᠤᠪᠤᠶᠢᠯᠭᠠᠨ᠂ ᠬᠠᠷᠠᠯᠲᠠ ᠲᠠᠢ ᠪᠠᠷ ᠠᠷᠭ᠎ᠠ | ᠪᠤᠳᠤᠯᠭ᠎ᠠ ᠬᠡᠷᠡᠭᠵᠢᠭᠦᠯᠵᠦ᠂ ᠠᠵᠤ ᠠᠬᠤᠢ ᠶᠢᠨ ᠠᠵᠢᠯᠯᠠᠭ᠎ᠠ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ | ᠠᠵᠤ ᠦᠢᠯᠡᠰ ᠤᠨ ᠬᠥᠭᠵᠢᠯᠲᠡ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ᠂ ᠠᠵᠤ ᠠᠬᠤᠶᠢᠯᠠᠯ ᠢ ᠲᠤᠰᠠᠯᠠᠬᠤ | ᠦᠢᠯᠡᠴᠢᠯᠡᠭᠡ ᠵᠡᠷᠭᠡ ᠠᠵᠢᠯ ᠢ ᠡᠷᠡᠰ ᠬᠦᠴᠦᠲᠡᠢ ᠰᠠᠶᠢᠲᠤᠷ ᠠᠳᠬᠤᠵᠤ᠂ ᠡᠯ᠎ᠡ ᠵᠦᠢᠯ ᠤᠨ ᠬᠠᠷᠠᠯᠲᠠ ᠡᠭᠦᠷᠭᠡ ᠶᠢ | ᠡᠷᠡᠰ ᠭᠤᠶᠢᠪᠢᠰᠢ ᠦᠭᠡᠢ ᠪᠡᠶᠡᠯᠡᠭᠦᠯᠬᠦ ᠬᠡᠷᠡᠭᠲᠡᠢ᠃ ᠶᠡᠭᠡ ᠬᠠᠨᠳᠤᠰᠢ ᠶᠢ ᠡᠵᠡᠮᠳᠡᠵᠦ᠂ ᠢᠯᠠᠯᠲᠠ ᠶᠢᠨ ᠡᠷᠴᠢᠨ | ᠳᠡᠭᠡᠷ᠎ᠡ ᠤᠷᠤᠭᠰᠢᠯᠠᠵᠤ᠂ ᠡᠯᠧᠮᠧᠨ᠋ᠲ ᠤᠨ ᠪᠠᠲᠤᠯᠠᠭ᠎ᠠ᠂ ᠣᠷᠣᠨ ᠪᠠᠶᠢᠷᠢ ᠶᠢᠨ ᠵᠠᠮ ᠬᠠᠷᠢᠯᠴᠠᠭ᠎ᠠ᠂ ᠪᠠᠶᠢᠭᠠᠯᠢ ᠶᠢᠨ | ᠠᠮᠢ ᠠᠬᠤᠶ᠂ ᠠᠵᠤ ᠦᠢᠯᠡᠰ ᠤᠨ ᠲᠥᠪᠯᠡᠷᠡᠯ ᠵᠡᠷᠭᠡ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠪᠠᠶᠢᠯᠳᠤᠬᠤ | ᠪᠤᠳᠤᠯᠭ᠎ᠠ ᠶᠢᠨ ᠲᠥᠯᠥᠪᠵᠢᠭᠦᠯᠭᠡ ᠪᠠᠷ ᠬᠦᠳᠦᠯᠦᠨ ᠳᠠᠭᠠᠭᠤᠯᠬᠤ ᠶᠢ ᠴᠢᠩᠭᠠᠳᠬᠠᠵᠤ᠂ ᠤᠯᠠᠨ ᠡᠰᠢᠲᠦ ᠪᠤᠳᠤᠬᠤ | ᠬᠦᠴᠦᠨ ᠢ ᠲᠦᠷᠭᠡᠨ ᠲᠥᠪᠯᠡᠷᠡᠭᠦᠯᠵᠦ᠂ ᠬᠡᠷᠡᠭᠯᠡᠭᠡᠨ ᠤ ᠪᠠᠶᠢᠳᠠᠯ ᠢ ᠶᠡᠬᠡᠪᠡᠷ ᠥᠷᠭᠡᠳᠬᠡᠵᠦ᠂ ᠲᠤᠮᠤ ᠳ᠋ᠠᠶᠢᠲ᠋ᠠ ᠶᠢᠨ | ᠠᠵᠤ ᠦᠢᠯᠡᠰ ᠢ ᠤᠯᠠᠭᠠᠨᠴᠠᠪ ᠬᠤᠳᠠ ᠶᠢᠨ ᠲᠤᠭ ᠲᠡᠮᠳᠡᠭ ᠠᠵᠤ ᠦᠢᠯᠡᠰ ᠪᠣᠯᠭᠠᠨ ᠪᠦᠬᠦ ᠬᠦᠴᠦᠨ ᠢᠶᠠᠷ ᠢᠶᠠᠨ | ᠴᠣᠭᠴᠠᠯᠠᠬᠤ ᠬᠡᠷᠡᠭᠲᠡᠢ ᠭᠡᠵᠦ ᠬᠡᠯᠡᠪᠡ᠃ | ᠹᠠᠩ ᠽᠧ᠂ ᠴᠠᠢ ᠶᠤᠸᠠᠢ᠂ ᠢᠦᠢ ᠬᠠᠢ ᠴᠧᠩ ᠣᠷᠣᠯᠴᠠᠵᠠᠢ᠃ | ᠣᠷᠴᠢᠭᠤᠯᠤᠭᠴᠢ᠄ ᠭᠤᠸ᠎ᠠ | ᠬᠢᠨᠠᠭᠴᠢ᠄ ᠠᠷᠢᠭᠤᠨ |