ᠬᠤᠸᠠᠳᠧ ᠰᠢᠶᠠᠨ ᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠰᠦᠷᠢᠶ᠎ᠡ ᠡᠪᠡᠳᠴᠢᠨ ᠤ ᠡᠳᠦᠷ ᠤᠨ ᠭᠤᠤᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/3/28
           3 ᠰᠠᠷ᠎ᠠ ᠶᠢᠨ 24 ᠤ ᠡᠳᠦᠷ ᠠᠴᠠ 26 ᠤ ᠡᠳᠦᠷ ᠪᠣᠯᠲᠠᠯ᠎ᠠ᠂ ᠰᠢᠶᠠᠨ ᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠭᠤᠤ ᠯᠦ ᠨᠡᠶᠢᠭᠡᠮ ᠲᠣᠭᠤᠷᠢᠭ ᠪᠠ ᠠᠷᠠᠳ ᠤᠨ ᠲᠠᠯᠠᠪᠠᠶ ᠳᠤ ᠳᠡᠯᠡᠬᠡᠶ ᠶᠢᠨ ᠰᠦᠷᠢᠶ᠎ᠡ ᠡᠪᠡᠳᠴᠢᠨ ᠢ ᠰᠡᠷᠭᠡᠶᠢᠯᠡᠨ ᠵᠠᠰᠠᠬᠤ ᠡᠳᠦᠷ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃    ᠠᠵᠢᠯᠯᠠᠭ᠎ᠠ ᠶᠢᠨ ᠲᠤᠬᠠᠢ ᠶᠢᠨ ᠲᠠᠯᠠᠪᠤᠷ ᠲᠤ᠂ ᠠᠵᠢᠯᠲᠠᠳ ᠤᠬᠠᠭᠤᠯᠭ᠎ᠠ ᠶᠢᠨ ᠬᠥᠨᠳᠡᠯᠡᠨ ᠪᠢᠴᠢᠭᠡᠰᠦ ᠡᠯᠭᠦᠬᠦ᠂ ᠰᠦᠷᠢᠶ᠎ᠡ ᠡᠪᠡᠳᠴᠢᠨ ᠢ ᠰᠡᠷᠭᠡᠶᠢᠯᠡᠨ ᠵᠠᠰᠠᠬᠤ ᠠᠰᠠᠭᠤᠨ ᠯᠠᠪᠯᠠᠬᠤ ᠴᠡᠭ ᠪᠠᠶᠢᠭᠤᠯᠬᠤ ᠵᠢᠴᠢ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠨᠡᠶᠢᠭᠡᠮ ᠲᠣᠭᠤᠷᠢᠭ ᠤᠨ ᠤᠯᠠᠨ ᠲᠦᠮᠡᠨ ᠳᠤ ᠰᠦᠷᠢᠶ᠎ᠡ ᠡᠪᠡᠳᠴᠢᠨ ᠢ ᠰᠡᠷᠭᠡᠶᠢᠯᠡᠨ ᠵᠠᠰᠠᠬᠤ ᠠᠵᠢᠯ ᠢ ᠤᠬᠠᠭᠤᠯᠪᠠ᠃ ᠡᠭᠦᠨ ᠤ ᠬᠠᠮᠳᠤ᠂ ᠠᠳᠠᠯᠢ ᠪᠤᠰᠤ ᠭᠦᠮᠦᠰ ᠤᠨ ᠤᠨᠴᠠᠯᠢᠭ ᠢ ᠦᠨᠳᠦᠰᠦᠯᠡᠵᠦ ᠲᠦᠷᠦᠯ ᠬᠤᠪᠢᠶᠠᠨ ᠵᠢᠯᠤᠭᠤᠳᠴᠤ᠂ ᠲᠦᠭᠦᠮ ᠤᠶᠢᠯᠠᠭᠠᠮᠵᠢᠳᠠᠢ ᠦᠭᠡ ᠬᠡᠯᠡ ᠪᠠᠷ ᠠᠰᠠᠭᠤᠨ ᠯᠠᠪᠯᠠᠬᠤ ᠪᠠᠷ ᠢᠷᠡᠭᠰᠡᠨ ᠤᠯᠠᠨ ᠲᠦᠮᠡᠨ ᠳᠤ ᠰᠦᠷᠢᠶ᠎ᠡ ᠡᠪᠡᠳᠴᠢᠨ ᠤ ᠡᠮᠴᠢᠯᠡᠭᠡᠨ ᠤ ᠢᠯᠡᠷᠡᠯ᠂ ᠤᠯᠠᠮᠵᠢᠯᠠᠬᠤ ᠠᠷᠭ᠎ᠠ ᠵᠠᠮ᠂ ᠤᠷᠢᠳᠴᠢᠯᠡᠨ ᠰᠡᠷᠭᠡᠶᠢᠯᠡᠵᠦ ᠡᠮᠨᠡᠨ ᠵᠠᠰᠠᠬᠤ ᠵᠢᠴᠢ ᠤᠯᠤᠰ ᠠᠴᠠ ᠰᠦᠢᠳᠬᠡᠯ ᠬᠤᠷᠢᠶᠠᠬᠤ ᠦᠬᠡᠢ ᠲᠦᠷᠦ ᠶᠢᠨ ᠪᠤᠳᠤᠯᠭ᠎ᠠ ᠵᠡᠷᠬᠡ ᠲᠠᠯ᠎ᠠ ᠶᠢᠨ ᠮᠡᠳᠡᠯᠬᠡ ᠶᠢ ᠤᠬᠠᠭᠤᠯᠤᠨ ᠲᠠᠶᠢᠯᠪᠤᠷᠢᠯᠠᠵᠦ᠂ ᠤᠯᠠᠨ ᠨᠡᠶᠢᠲᠡ ᠶᠢ ᠭᠦᠳᠦᠯᠦᠨ ᠵᠢᠯᠤᠭᠤᠳᠴᠤ ᠪᠠᠶᠢᠭᠠᠳ ᠬᠤᠪᠢ ᠬᠦᠮᠦᠨ ᠤ ᠰᠠᠶᠢᠨ ᠰᠠᠶᠢᠬᠠᠨ ᠡᠷᠡᠭᠦᠯ ᠬᠠᠮᠠᠭᠠᠯᠠᠯ ᠢ ᠪᠠᠳᠤᠯᠠᠨ᠂ ᠰᠠᠶᠢᠨ ᠰᠠᠶᠢᠬᠠᠨ ᠠᠮᠢᠳᠤᠷᠠᠯ ᠤᠨ ᠲᠠᠳᠬᠠᠯ ᠢ ᠪᠤᠢ ᠪᠤᠯᠭᠠᠵᠦ᠂ ᠤᠯᠠᠨ ᠨᠡᠶᠢᠳᠡ ᠶᠢᠨ ᠲᠠᠨᠢᠨ ᠮᠡᠳᠡᠬᠦᠢ ᠶᠢᠨ ᠬᠢᠷᠢ ᠲᠦᠪᠰᠢᠨ ᠪᠠ ᠰᠡᠷᠬᠡᠶᠢᠯᠡᠨ ᠵᠠᠰᠠᠬᠤ ᠤᠬᠠᠮᠰᠠᠷ ᠢ ᠨᠢ ᠲᠡᠬᠡᠭᠰᠢᠯᠡᠬᠦᠯᠪᠡ᠃    ᠲᠤᠰ ᠤᠳᠠᠭᠠᠨ ᠤ ᠠᠵᠢᠯᠯᠠᠭ᠎ᠠ ᠳᠤ᠂ ᠡᠯ᠎ᠡ ᠲᠦᠷᠦᠯ ᠤᠨ ᠰᠦᠷᠢᠶ᠎ᠡ ᠡᠪᠡᠳᠴᠢᠨ ᠢ ᠰᠡᠷᠬᠡᠶᠢᠯᠡᠨ ᠵᠠᠰᠠᠬᠤ ᠤᠬᠠᠭᠤᠯᠭ᠎ᠠ ᠶᠢᠨ ᠮᠠᠲ᠋ᠧᠷᠢᠶᠠᠯ ᠢ ᠨᠡᠶᠢᠳᠡ 800 ᠭᠠᠷᠤᠢ ᠬᠤᠪᠢ ᠲᠠᠷᠬᠠᠭᠠᠵᠦ᠂ ᠰᠢᠷᠢᠰ ᠠᠵᠢᠯᠯᠠᠭ᠎ᠠ ᠶᠢ ᠦᠷᠨᠢᠬᠦᠯᠬᠦ ᠪᠠᠷ ᠲᠠᠮᠵᠢᠨ᠂ ᠤᠯᠠᠨ ᠲᠦᠮᠡᠨ ᠤ ᠰᠦᠷᠢᠶ᠎ᠡ ᠡᠪᠡᠳᠴᠢᠨ ᠤ ᠲᠤᠬᠠᠢ ᠲᠠᠨᠢᠯᠳᠠ ᠶᠢ ᠪᠦᠳᠦᠮᠵᠢᠳᠡᠢ ᠴᠢᠩᠭᠠᠳᠬᠠᠵᠦ᠂ ᠰᠦᠷᠢᠶ᠎ᠡ ᠡᠪᠡᠳᠴᠢᠨ ᠢ ᠰᠡᠷᠬᠡᠶᠢᠯᠡᠨ ᠵᠠᠰᠠᠬᠤ ᠠᠵᠢᠯ ᠢ ᠠᠬᠢᠭᠤᠯᠤᠨ᠂ ᠰᠦᠷᠢᠶ᠎ᠡ ᠡᠪᠡᠳᠴᠢᠨ ᠢ ᠰᠡᠷᠬᠡᠶᠢᠯᠡᠨ ᠵᠠᠰᠠᠬᠤ ᠨᠤᠷᠮ᠎ᠠ ᠪᠠ ᠤᠯᠠᠨ ᠲᠦᠮᠡᠨ ᠤ ᠦᠪᠡᠷ ᠢ ᠪᠠᠨ ᠬᠠᠮᠠᠭᠠᠯᠠᠬᠤ ᠤᠬᠠᠮᠰᠠᠷ ᠢ ᠲᠡᠬᠡᠭᠰᠢᠯᠡᠬᠦᠯᠬᠦ ᠳᠤ ᠢᠳᠡᠪᠬᠢᠳᠡᠢ ᠠᠬᠢᠭᠤᠯᠬᠤ ᠦᠢᠯᠡᠳᠦᠯ ᠦᠵᠡᠬᠦᠯᠪᠡ᠃              ᠤᠷᠴᠢᠭᠤᠯᠤᠭᠴᠢ᠄ ᠬᠦᠰᠡᠯ              ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠣᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2