3 ᠰᠠᠷ᠎ᠠ ᠶᠢᠨ 26 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ | ᠬᠤᠲᠠ ᠶᠢᠨ ᠳᠠᠷᠤᠭ᠎ᠠ ᠯᠢᠦ ᠬᠠᠶ ᠴᠢᠤᠸᠠᠨ ᠵᠢᠨᠢᠩ ᠲᠣᠭᠤᠷᠢᠭ᠂ ᠴᠠᠬᠠᠷ ᠪᠠᠷᠠᠭᠤᠨ ᠭᠠᠷᠤᠨ ᠡᠮᠦᠨᠡᠲᠦ | ᠬᠤᠰᠢᠭᠤᠨ ᠳᠤ ᠭᠦᠨᠵᠡᠭᠡᠶᠢᠷᠡᠨ ᠠᠵᠤ ᠠᠬᠤᠶᠢᠯᠠᠯ ᠤᠨ ᠠᠵᠢᠯᠯᠠᠭᠠᠨ᠂ ᠴᠢᠬᠤᠯᠠ ᠶᠡᠭᠡ ᠲᠥᠷᠥᠯ ᠵᠦᠢᠯ ᠤᠨ | ᠪᠥᠲᠥᠭᠡᠨ ᠪᠠᠶᠢᠭᠤᠯᠤᠯᠲᠠ᠂ ᠠᠷᠠᠯᠵᠢᠶᠠᠴᠢᠨ ᠤᠷᠢᠵᠤ ᠪᠠᠯᠠ ᠣᠷᠣᠭᠤᠯᠬᠤ᠂ ᠠᠶᠤᠯᠭᠦᠶ ᠦᠢᠯᠡᠳᠪᠦᠷᠢᠯᠡᠯ ᠵᠡᠷᠭᠡ | ᠠᠵᠢᠯ ᠢ ᠪᠠᠶᠢᠴᠠᠭᠠᠨ ᠰᠤᠳᠤᠯᠤᠭᠰᠠᠨ ᠪᠥᠭᠡᠳ ᠲᠤᠬᠠᠶ ᠶᠢᠨ ᠲᠠᠯᠠᠪᠤᠷ ᠲᠤ ᠠᠯᠪᠠᠯᠠᠪᠠ᠃ | ︽ᠵᠠᠬ᠎ᠠ ᠳᠡᠯᠭᠡᠭᠦᠷ ᠤᠨ ᠪᠠᠶᠢᠳᠠᠯ ᠶᠠᠮᠠᠷ ᠪᠠᠶᠢᠨ᠎ᠠ︖︾ ︽ᠶᠠᠮᠠᠷ ᠬᠦᠴᠢᠷᠳᠡᠯ ᠪᠠᠶᠢᠨ᠎ᠠ ᠤᠤ︖︾ ᠳ᠋ᠦᠩ | ᠶᠠᠩ ᠭᠤᠸᠠᠩ ᠢᠯᠲᠠᠰᠤ᠂ ᠵᠦᠩ ᠬᠤᠩ ᠽᠢ ᠵᠢᠩ᠂ ᠳ᠋ᠦᠸᠧ ᠮᠧᠩ ᠳ᠋ᠧ ᠲᠡᠮᠦᠷᠯᠢᠭ ᠬᠠᠶᠢᠯᠤᠭᠤᠯᠬᠤ ᠬᠢᠮᠢ ᠶᠢᠨ | ᠠᠵᠤ ᠦᠢᠯᠡᠳᠪᠦᠷᠢ᠂ ᠲᠧᠩ ᠹᠸᠢ ᠲᠡᠮᠦᠷ ᠤᠨ ᠬᠠᠶᠢᠯᠤᠰᠢ ᠵᠡᠷᠭᠡ ᠠᠵᠤ ᠠᠬᠤᠶᠢᠯᠠᠯ ᠵᠢᠴᠢ ᠲᠦᠷᠦᠯ ᠵᠦᠢᠯ ᠤᠨ | ᠪᠠᠷᠢᠯᠭ᠎ᠠ ᠶᠢᠨ ᠲᠤᠬᠠᠢ ᠶᠢᠨ ᠲᠠᠯᠠᠪᠠᠢ ᠳᠤ᠂ ᠯᠢᠦ ᠬᠠᠢ ᠴᠢᠤᠸᠠᠨ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ | ᠰᠠᠨᠠᠯ ᠢᠶᠠᠨ ᠭᠦᠨᠵᠡᠭᠡᠢ ᠰᠣᠯᠢᠯᠴᠠᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ ᠠᠵᠤ ᠠᠬᠤᠶᠢᠯᠠᠯ ᠤᠨ | ᠦᠢᠯᠡᠳᠪᠦᠷᠢᠯᠡᠯ ᠡᠵᠡᠩᠨᠡᠯᠲᠡ ᠶᠢᠨ ᠰᠤᠳᠤᠯᠤᠨ ᠨᠡᠭᠡᠭᠡᠯᠲᠡ᠂ ᠠᠶᠤᠯᠭᠦᠢ ᠦᠢᠯᠡᠳᠪᠦᠷᠢᠯᠡᠯ ᠵᠡᠷᠭᠡ ᠪᠠᠶᠢᠳᠠᠯ ᠢ ᠨᠠᠷᠢᠨ | ᠣᠶᠢᠯᠠᠭᠠᠵᠤ᠂ ᠠᠵᠤ ᠠᠬᠤᠶᠢᠯᠠᠯ ᠤᠨ ᠠᠵᠠ ᠲᠣᠬᠢᠶᠠᠯ ᠢ ᠠᠮᠵᠢᠵᠤ᠂ ᠢᠲᠡᠭᠡᠯ ᠵᠣᠷᠢᠭ ᠢᠶᠠᠨ ᠨᠡᠮᠡᠭᠳᠡᠭᠦᠯᠵᠦ᠂ | ᠮᠡᠷᠭᠡᠵᠢᠯ ᠤᠨ ᠥᠭᠡᠷᠡᠴᠢᠯᠡᠯᠲᠡ ᠬᠢᠵᠦ ᠲᠡᠰ ᠳᠡᠪᠰᠢᠭᠦᠯᠬᠦ᠂ ᠴᠢᠳᠠᠪᠤᠷᠢ ᠪᠠᠨ ᠥᠷᠭᠡᠳᠬᠡᠨ ᠦᠢᠯᠡᠳᠪᠦᠷᠢᠯᠡᠯ ᠢᠶᠠᠨ | ᠨᠡᠮᠡᠭᠳᠡᠭᠦᠯᠬᠦ ᠵᠡᠷᠭᠡ ᠲᠠᠯ᠎ᠠ ᠪᠠᠷ ᠬᠦᠴᠦ ᠣᠷᠣᠭᠤᠯᠵᠤ᠂ ᠵᠠᠬ᠎ᠠ ᠳᠡᠯᠭᠡᠭᠦᠷ ᠤᠨ ᠦᠷᠢᠰᠦᠯᠳᠦᠬᠦ ᠬᠦᠴᠦᠨ ᠢᠶᠠᠨ | ᠲᠠᠰᠤᠷᠠᠯᠲᠠ ᠦᠭᠡᠢ ᠨᠡᠮᠡᠭᠳᠡᠭᠦᠯᠬᠦ ᠶᠢ ᠵᠣᠷᠢᠭᠵᠢᠭᠤᠯᠪᠠ᠃ ᠬᠠᠪᠤᠷ ᠤᠨ ᠲᠠᠷᠢᠶᠠᠯᠠᠭ᠎ᠠ ᠤᠳᠠᠯ ᠦᠭᠡᠢ ᠬᠦᠷᠴᠦ ᠢᠷᠡᠬᠦ | ᠭᠡᠵᠦ ᠪᠠᠶᠢᠨ᠎ᠠ᠂ ᠯᠢᠦ ᠬᠠᠢ ᠴᠢᠤᠸᠠᠨ ᠪᠠᠰᠠ ᠲᠢᠶᠠᠨ ᠢᠦᠢ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ | ᠺᠣᠮᠫᠠᠨᠢ ᠳᠤ ᠬᠦᠷᠴᠦ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ ᠨᠥᠭᠡᠴᠡᠯᠡᠵᠦ ᠪᠣᠷᠣᠯᠠᠭᠤᠯᠵᠤ ᠪᠠᠶᠢᠭ᠎ᠠ | ᠪᠠᠶᠢᠳᠠᠯ ᠢ ᠣᠶᠢᠯᠠᠭᠠᠪᠠ᠃ ᠲᠡᠷᠡ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ ᠲᠠᠷᠢᠶᠠᠯᠠᠩ ᠤᠨ ᠮᠠᠰᠢᠨ ᠢ | ᠰᠢᠯᠵᠢᠭᠦᠯᠦᠨ ᠲᠡᠭᠡᠭᠡᠪᠦᠷᠢᠯᠡᠬᠦ ᠬᠠᠩᠭᠠᠯᠭ᠎ᠠ ᠶᠢ ᠪᠠᠲᠤᠯᠠᠬᠤ ᠵᠡᠷᠭᠡ ᠠᠵᠢᠯ ᠢ ᠤᠷᠢᠳᠴᠢᠯᠠᠨ ᠰᠠᠶᠢᠲᠤᠷ ᠬᠢᠵᠦ᠂ | ᠲᠠᠷᠢᠶᠠᠯᠠᠩ ᠤᠨ ᠦᠢᠯᠡᠳᠪᠦᠷᠢᠯᠡᠯ ᠤᠨ ᠤᠷᠤᠭᠰᠢᠲᠠᠢ ᠶᠠᠪᠤᠭᠳᠠᠬᠤ ᠶᠢ ᠪᠦᠬᠦ ᠬᠦᠴᠦᠨ ᠢᠶᠠᠷ ᠢᠶᠠᠨ ᠪᠠᠲᠤᠯᠠᠵᠤ᠂ ᠡᠨᠡ | ᠵᠢᠯ ᠤᠨ ᠠᠮᠤ ᠪᠤᠳᠠᠭᠠᠨ ᠤ ᠡᠯᠪᠡᠭ ᠬᠤᠷᠢᠶᠠᠯᠲᠠ ᠤᠯᠬᠤ ᠳᠤ ᠪᠠᠲᠤ ᠪᠠᠬᠢ ᠰᠠᠭᠤᠷᠢ ᠶᠢ ᠲᠠᠯᠪᠢᠬᠤ ᠬᠡᠷᠡᠭᠲᠡᠢ ᠭᠡᠵᠦ | ᠴᠢᠬᠤᠯᠠᠴᠢᠯᠠᠪᠠ᠃ | ᠲᠤᠬᠠᠢ ᠶᠢᠨ ᠲᠠᠯᠠᠪᠠᠢ ᠶᠢᠨ ᠠᠯᠪᠠᠯᠠᠬᠤ ᠬᠤᠷᠠᠯ ᠳᠡᠭᠡᠷ᠎ᠡ᠂ ᠵᠢᠨᠢᠩ ᠲᠣᠭᠤᠷᠢᠭ᠂ ᠴᠠᠬᠠᠷ ᠪᠠᠷᠠᠭᠤᠨ ᠭᠠᠷᠤᠨ | ᠡᠮᠦᠨᠡᠲᠦ ᠬᠤᠰᠢᠭᠤᠨ ᠤ ᠬᠠᠮᠢᠶ᠎ᠠ ᠪᠦᠬᠦᠢ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ | ᠳᠠᠷᠠᠭ᠎ᠠ᠂ ᠯᠢᠦ ᠬᠠᠢ ᠴᠢᠤᠸᠠᠨ᠂ ᠪᠦᠬᠦ ᠬᠤᠲᠠ ᠪᠠᠷ ᠢᠶᠠᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ | ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠰᠢᠰᠲ᠋ᠧᠮ ᠲᠠᠢ ᠭᠦᠨᠵᠡᠭᠡᠢ | ᠰᠤᠷᠤᠯᠴᠠᠨ ᠲᠤᠭᠤᠰᠢᠯᠠᠭᠤᠯᠵᠤ᠂ ᠡᠷᠴᠢ ᠵᠣᠷᠢᠭ ᠢᠶᠠᠨ ᠬᠥᠪᠴᠢᠯᠡᠨ ᠬᠥᠭᠵᠢᠯᠲᠡ ᠶᠢ ᠠᠬᠢᠭᠤᠯᠵᠤ᠂ ︽ᠲᠠᠪᠤᠨ ᠶᠡᠭᠡ | ᠡᠭᠦᠷᠭᠡ︾᠂ ︽ᠵᠢᠷᠭᠤᠭᠠᠨ ᠢᠨᠵᠧᠨᠧᠷᠢᠩ︾᠂ ︽ᠵᠢᠷᠭᠤᠭᠠᠨ ᠠᠵᠢᠯᠯᠠᠭ᠎ᠠ︾ ᠶᠢ ᠭᠦᠨᠵᠡᠭᠡᠢ ᠬᠡᠷᠡᠭᠵᠢᠭᠦᠯᠵᠦ᠂ | ᠠᠷᠭ᠎ᠠ ᠪᠦᠬᠦᠨ ᠢ ᠰᠦᠪᠡᠭᠴᠢᠯᠡᠨ ᠲᠣᠬᠢᠷᠠᠭᠤᠯᠤᠯᠲᠠ ᠶᠢ ᠴᠢᠩᠭᠠᠳᠬᠠᠵᠤ᠂ ᠠᠵᠢᠯᠯᠠᠭᠠᠨ ᠢ ᠠᠬᠢᠭᠤᠯᠵᠤ᠂ ᠪᠡᠯᠡ | ᠣᠷᠣᠭᠤᠯᠤᠯᠲᠠ ᠶᠢ ᠥᠷᠭᠡᠳᠬᠡᠵᠦ᠂ ᠠᠷᠠᠯᠵᠢᠶᠠᠴᠢᠨ ᠤᠷᠢᠬᠤ ᠶᠢ ᠪᠠᠷᠢᠮᠲᠠᠯᠠᠵᠤ᠂ ᠪᠦᠬᠦ ᠬᠦᠴᠦᠨ ᠢᠶᠠᠷ ᠢᠶᠠᠨ | ᠦᠢᠯᠡᠴᠢᠯᠡᠭᠡ ᠪᠠᠨ ᠰᠢᠯᠢᠳᠡᠭᠵᠢᠭᠦᠯᠵᠦ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠵᠦ᠂ ᠠᠮᠤᠷ ᠲᠦᠪᠰᠢᠨ ᠢ | ᠪᠠᠲᠤᠯᠠᠵᠤ᠂ ᠬᠤᠷᠢᠭ᠎ᠠ ᠱᠤᠭᠤᠮ ᠢ ᠰᠠᠬᠢᠵᠤ᠂ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠦᠨᠡᠨᠬᠦ ᠣᠨᠣᠪᠴᠢᠲᠠᠢ | ᠠᠳᠬᠤᠵᠤ ᠪᠣᠳᠠᠲᠠᠢ ᠠᠵᠢᠯᠯᠠᠵᠤ ᠪᠦᠲᠦᠭᠡᠵᠦ᠂ ᠪᠦᠬᠦ ᠬᠤᠳᠠ ᠶᠢᠨ ᠠᠵᠤ ᠠᠬᠤᠢ ᠶᠢᠨ ᠴᠢᠨᠠᠷ ᠰᠠᠶᠢᠲᠠᠢ | ᠬᠥᠭᠵᠢᠯᠲᠡ ᠶᠢᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠢ ᠭᠡᠵᠦ ᠬᠡᠯᠡᠪᠡ᠃ | ᠢᠦᠢ ᠬᠠᠢ ᠴᠧᠩ ᠣᠷᠣᠯᠴᠠᠪᠠ᠃ | ᠣᠷᠴᠢᠭᠤᠯᠤᠭᠴᠢ᠄ ᠭᠤᠸ᠎ᠠ | ᠬᠢᠨᠠᠭᠴᠢ᠄ ᠠᠷᠢᠭᠤᠨ |