ᠱᠠᠩᠳᠤ ᠰᠢᠶᠠᠨ᠄ ᠨᠡᠭᠦᠳᠡᠯ ᠤᠨ ᠰᠢᠪᠠᠭᠤ ᠶᠢ ᠬᠠᠮᠠᠭᠠᠯᠠᠵᠤ ᠰᠠᠶᠢᠨ ᠰᠠᠶᠢᠬᠠᠨ ᠠᠮᠢ ᠠᠬᠤᠶ ᠶᠢ ᠴᠣᠭᠴᠠᠯᠠᠶ᠎ᠠ
ᠨᠡᠶᠢᠲᠡᠯᠡᠭᠰᠡᠨ ᠴᠠᠭ᠄
2025/3/31
           ᠤᠷᠢᠬᠠᠨ ᠰᠠᠯᠬᠢ ᠬᠠᠴᠠᠷ ᠢ ᠢᠯᠪᠢᠵᠦ᠂ ᠮᠥᠰᠥ ᠴᠠᠰᠤ ᠬᠠᠶᠢᠯᠪᠠ᠃ ᠣᠶᠢᠷ᠎ᠠ ᠶᠢᠨ ᠡᠳᠦᠷ ᠤᠳ ᠲᠤ᠂ ᠱᠠᠩᠳᠤ ᠰᠢᠶᠠᠨ ᠤ ᠴᠠᠭᠠᠨᠨᠠᠭᠤᠷ ᠵᠡᠷᠭᠡ ᠤᠰᠤᠨ ᠣᠷᠣᠨ ᠳᠤ ᠨᠢᠭᠡ ᠪᠦᠯᠦᠭ ᠨᠡᠭᠦᠳᠡᠯ ᠤᠨ ᠰᠢᠪᠠᠭᠤ ᠶᠢ ᠤᠭᠲᠤᠨ ᠠᠪᠴᠢᠷᠠᠪᠠ᠃ ᠨᠡᠭᠦᠳᠡᠯ ᠤᠨ ᠰᠢᠪᠠᠭᠤᠳ ᠤᠨ ᠬᠦᠷᠴᠦ ᠢᠷᠡᠭᠰᠡᠨ ᠨᠢ ᠨᠠᠮ ᠵᠢᠮ ᠨᠠᠭᠤᠷ ᠤᠨ ᠭᠠᠳᠠᠷᠭᠤ ᠳᠤ ᠠᠮᠢᠵᠢᠷᠠᠯ ᠤᠨ ᠬᠦᠴᠦᠨ ᠢᠶᠠᠷ ᠪᠢᠯᠬᠠᠭᠰᠠᠨ ᠪᠠᠶᠢᠳᠠᠯ ᠢᠯᠡᠷᠡᠵᠡᠢ᠃    ᠨᠡᠭᠦᠳᠡᠯ ᠤᠨ ᠰᠢᠪᠠᠭᠤ ᠶᠢᠨ ᠠᠮᠤᠷ ᠲᠦᠪᠰᠢᠨ ᠢᠶᠠᠷ ᠨᠡᠭᠦᠳᠡᠯᠯᠡᠬᠦ ᠶᠢ ᠬᠠᠮᠠᠭᠠᠯᠠᠬᠤ ᠶᠢᠨ ᠲᠥᠯᠥᠭᠡ᠂ ᠱᠠᠩᠳᠤ ᠰᠢᠶᠠᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠬᠡᠭᠡᠷ᠎ᠡ ᠶᠢᠨ ᠠᠮᠢᠲᠠᠨ ᠤᠷᠭᠤᠮᠠᠯ ᠤᠨ ᠬᠠᠮᠠᠭᠠᠯᠠᠯᠲᠠ ᠶᠢᠨ ᠲᠥᠪ ᠪᠠ ᠣᠶ ᠰᠢᠭᠤᠶ ᠡᠪᠡᠰᠦ ᠪᠡᠯᠴᠢᠭᠡᠷ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠠᠰᠤᠭ ᠤᠨ ᠠᠵᠢᠯᠲᠠᠳ ᠨᠡᠭᠦᠳᠡᠯ ᠤᠨ ᠰᠢᠪᠠᠭᠤ ᠶᠢ ᠬᠠᠮᠠᠭᠠᠯᠠᠬᠤ ᠠᠵᠢᠯᠯᠠᠭ᠎ᠠ ᠶᠢ ᠢᠳᠡᠪᠬᠢᠲᠡᠶ ᠥᠷᠨᠢᠭᠦᠯᠵᠦ᠂ ᠲᠠᠰᠤᠷᠠᠯᠲᠠ ᠥᠬᠡᠶ ᠲᠣᠭᠤᠷᠢᠨ ᠬᠠᠮᠠᠭᠠᠯᠠᠬᠤ ᠪᠠ ᠬᠢᠨᠠᠨ ᠬᠡᠮᠵᠢᠵᠦ᠂ ᠣᠯᠠᠨ ᠲᠦᠮᠡᠨ ᠳᠤ ᠰᠢᠪᠠᠭᠤᠨ ᠤ ᠲᠥᠷᠥᠯ ᠤᠨ ᠮᠡᠳᠡᠯᠭᠡ ᠶᠢ ᠲᠦᠭᠡᠮᠡᠯᠵᠢᠭᠦᠯᠵᠦ᠂ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠲᠤᠬᠠᠶ ᠬᠤᠯᠪᠣᠭᠳᠠᠯ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠲᠠᠶᠢᠯᠪᠤᠷᠢᠯᠠᠵᠤ᠂ ᠨᠠᠩ ᠣᠯᠠᠨ ᠬᠥᠮᠦᠰ ᠢ ᠳᠠᠶᠢᠴᠢᠯᠠᠨ ᠠᠮᠢ ᠠᠬᠤᠶ ᠶᠢᠨ ᠬᠠᠮᠠᠭᠠᠯᠠᠯᠲᠠ ᠳᠤ ᠣᠷᠣᠯᠴᠠᠭᠤᠯᠵᠤ᠂ ᠨᠡᠭᠦᠳᠡᠯ ᠤᠨ ᠰᠢᠪᠠᠭᠤ ᠵᠡᠷᠭᠡ ᠬᠡᠭᠡᠷ᠎ᠡ ᠶᠢᠨ ᠠᠮᠢᠲᠠᠨ ᠤ ᠡᠬᠢ ᠪᠠᠶᠠᠯᠢᠭ ᠢ ᠦᠨᠡᠨ ᠬᠦ ᠰᠠᠶᠢᠲᠤᠷ ᠰᠠᠬᠢᠨ ᠬᠠᠮᠠᠭᠠᠯᠠᠵᠤ᠂ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠬᠠᠮᠠᠭᠠᠯᠠᠨ᠂ ᠠᠮᠢ ᠠᠬᠤᠶ ᠶᠢᠨ ᠠᠮᠤᠷ ᠲᠦᠪᠰᠢᠨ ᠢ ᠪᠠᠲᠤᠯᠠᠵᠤ᠂ ᠬᠥᠮᠦᠨ ᠬᠢᠭᠡᠳ ᠪᠠᠶᠢᠭᠠᠯᠢ ᠶᠢᠨ ᠡᠶ᠎ᠡ ᠵᠣᠬᠢᠴᠠᠯ ᠲᠠᠢ ᠪᠠᠷ ᠬᠠᠮᠲᠤ ᠣᠷᠣᠰᠢᠬᠤ ᠠᠮᠢ ᠠᠬᠤᠶ ᠶᠢᠨ ᠣᠷᠴᠢᠨ ᠲᠣᠭᠤᠷᠢᠨ ᠢ ᠪᠥᠲᠥᠭᠡᠨ ᠪᠠᠶᠢᠭᠤᠯᠪᠠ᠃    ︽ᠵᠢᠯ ᠪᠦᠷᠢ ᠶᠢᠨ 3 ᠳ᠋ᠤᠭᠠᠷ ᠰᠠᠷ᠎ᠠ ᠶᠢᠨ ᠳᠤᠮᠳᠠᠴᠢ ᠪᠠᠷ ᠨᠡᠭᠦᠳᠡᠯ ᠤᠨ ᠰᠢᠪᠠᠭᠤ ᠬᠦᠷᠴᠦ ᠢᠷᠡᠨ᠎ᠡ᠂ ᠪᠢᠳᠡ ᠭᠤᠣᠯᠳᠠᠭᠤ ᠲᠣᠭᠤᠷᠢᠨ ᠬᠠᠮᠠᠭᠠᠯᠠᠵᠤ᠂ ᠠᠪᠤᠷᠠᠨ ᠲᠤᠰᠠᠯᠠᠵᠤ᠂ ᠰᠢᠷᠬᠠᠲᠤᠭᠰᠠᠨ ᠰᠢᠪᠠᠭᠤ ᠶᠢ ᠣᠯᠵᠤ ᠮᠡᠳᠡᠪᠡᠯ ᠴᠠᠭ ᠲᠤᠬᠠᠢ ᠳᠤᠨᠢ ᠠᠪᠤᠷᠠᠨ ᠲᠤᠰᠠᠯᠠᠬᠤ ᠶᠢᠨ ᠬᠠᠮᠲᠤ ᠨᠡᠭᠦᠳᠡᠯ ᠤᠨ ᠰᠢᠪᠠᠭᠤ ᠶᠢ ᠬᠤᠯᠠᠭᠠᠶᠢᠯᠠᠬᠤ᠂ ᠠᠩᠨᠠᠬᠤ ᠶᠢ ᠰᠡᠷᠭᠡᠶᠢᠯᠡᠨ᠎ᠡ︾ ᠭᠡᠪᠡ᠃ ᠱᠠᠩᠳᠤ ᠰᠢᠶᠠᠨ ᠤ ᠣᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶᠠᠨ ᠤ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠲᠥᠪ ᠤᠨ ᠡᠷᠬᠢᠯᠡᠭᠴᠢ ᠵᠠᠩ ᠬᠠᠨ ᠳ᠋ᠦᠩ ᠬᠡᠯᠡᠪᠡ᠃    ᠣᠶᠢᠷ᠎ᠠ ᠶᠢᠨ ᠵᠢᠯ ᠳᠤ᠂ ᠱᠠᠩᠳᠤ ᠰᠢᠶᠠᠨ ᠠᠯᠢ ᠣᠯᠠᠨ ᠠᠮᠢ ᠠᠬᠤᠶ ᠶᠢᠨ ᠬᠠᠮᠠᠭᠠᠯᠠᠯᠲᠠ ᠶᠢᠨ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠠᠮᠢ ᠠᠬᠤᠶ ᠶᠢᠨ ᠣᠷᠴᠢᠨ ᠨᠥᠬᠦᠴᠡᠯ ᠤᠨ ᠶᠠᠰᠤ ᠴᠢᠨᠠᠷ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠬᠡᠭᠡᠷ᠎ᠡ ᠶᠢᠨ ᠠᠮᠢᠲᠠᠨ ᠤ ᠣᠷᠣᠰᠢᠨ ᠰᠠᠭᠤᠬᠤ ᠳᠤ ᠰᠠᠶᠢᠨ ᠰᠠᠶᠢᠬᠠᠨ ᠨᠥᠬᠦᠴᠡᠯ ᠬᠠᠩᠭᠠᠭᠰᠠᠨ ᠪᠠᠶᠢᠨ᠎ᠠ᠃ ᠨᠡᠭᠦᠳᠡᠯ ᠤᠨ ᠰᠢᠪᠠᠭᠤ ᠶᠢᠨ ᠨᠡᠭᠦᠳᠡᠯᠯᠡᠬᠦ ᠤᠯᠠᠷᠢᠯ ᠪᠣᠯᠬᠤ ᠪᠦᠷᠢ ᠤᠯᠠᠮ ᠢᠯᠡᠬᠦᠦ ᠨᠡᠭᠦᠳᠡᠯ ᠤᠨ ᠰᠢᠪᠠᠭᠤ ᠠᠳᠡ ᠠᠮᠢᠳᠤᠷᠠᠬᠤ ᠶᠢ ᠰᠤᠩᠭᠤᠪᠡ᠃ ᠨᠡᠭᠦᠳᠡᠯ ᠤᠨ ᠰᠢᠪᠠᠭᠤ ᠬᠦᠷᠴᠦ ᠢᠷᠡᠭᠰᠡᠨ ᠶᠠᠪᠤᠳᠠᠯ ᠨᠢ ᠥᠭᠡᠷ᠎ᠡ ᠶᠠᠩᠵᠤ ᠶᠢᠨ ᠠᠮᠢ ᠠᠬᠤᠢ ᠶᠢᠨ ᠰᠠᠶᠢᠬᠠᠨ ᠦᠵᠡᠮᠵᠢ ᠶᠢ ᠨᠡᠮᠡᠭᠳᠡᠭᠦᠯᠦᠭᠰᠡᠨ ᠮᠥᠷᠲᠡᠭᠡᠨ ᠱᠠᠩᠳᠤ ᠰᠢᠶᠠᠨ ᠤ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠠᠯ᠎ᠠ ᠪᠠᠷ ᠣᠯᠤᠭᠰᠠᠨ ᠢᠯᠡᠳᠲᠡ ᠦᠷ᠎ᠡ ᠪᠦᠲᠦᠮᠵᠢ ᠶᠢ ᠢᠯᠡᠷᠡᠭᠦᠯᠦᠭᠰᠡᠨ ᠪᠠᠶᠢᠨ᠎ᠠ᠃                  ᠵᠣᠬᠢᠶᠠᠭᠴᠢ᠄ ᠰᠦᠨ ᠭᠦᠸᠧ ᠵᠢᠶᠦ᠋ᠨ                  ᠤᠷᠴᠢᠭᠤᠯᠤᠭᠴᠢ᠄ ᠬᠦᠰᠡᠯ                  ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠣᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2