3 ᠰᠠᠷ᠎ᠠ ᠶᠢᠨ 25 ᠤ ᠡᠳᠦᠷ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠱᠢ ᠯᠢᠶᠠᠩ | ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠨᠠᠮ ᠤᠨ | ᠤᠳᠤᠷᠢᠳᠬᠤ ᠳᠤᠭᠤᠶᠢᠯᠠᠩ ᠤᠨ 2025 ᠣᠨ ᠤ ᠬᠤᠶᠠᠳᠤᠭᠠᠷ ᠤᠳᠠᠭᠠᠨ ᠤ ᠬᠤᠷᠠᠯ ᠵᠢᠴᠢ ᠣᠨᠣᠯ ᠰᠤᠷᠤᠯᠴᠠᠬᠤ | ᠭᠤᠤᠯ ᠳᠤᠭᠤᠶᠢᠯᠠᠩ ᠤᠨ ᠭᠤᠷᠪᠠᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠡᠷᠭᠢᠯᠡᠨ | ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶᠠᠨ ᠤ | ᠵᠣᠷᠢᠭ ᠰᠠᠨᠠᠭ᠎ᠠ ᠪᠠ ᠬᠤᠯᠪᠣᠭᠳᠠᠯ ᠪᠥᠬᠦᠶ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ | ︽ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠵᠢᠴᠢ | ᠪᠠᠶᠢᠭᠤᠯᠭ᠎ᠠ ᠶᠢᠨ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠲᠤᠬᠠᠶ | ᠬᠡᠷᠡᠭᠵᠢᠭᠦᠯᠬᠦ ᠲᠥᠰᠦᠯ︾ ᠢ ᠬᠢᠨᠠᠨ ᠵᠥᠪᠯᠡᠵᠦ᠂ ᠬᠠᠮᠢᠶ᠎ᠠ ᠪᠥᠬᠦᠶ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃ | ᠬᠤᠷᠠᠯ ᠠᠴᠠ᠂ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ | ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶ᠎ᠠ ᠶᠢᠨ | ᠠᠵᠢᠯ ᠤᠨ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠠᠤᠯᠢ ᠲᠣᠭᠲᠠᠭᠠᠬᠤ᠂ ᠬᠢᠨᠠᠯᠲᠠ | ᠲᠠᠯᠪᠢᠬᠤ᠂ ᠲᠥᠯᠥᠭᠡᠯᠡᠭᠴᠢ ᠵᠡᠷᠭᠡ ᠠᠵᠢᠯ ᠤᠨ ᠲᠠᠯ᠎ᠠ ᠪᠠᠷ ᠤᠨᠢᠨ ᠳᠡᠭᠡᠷ᠎ᠡ ᠨᠢ ᠬᠦᠴᠦᠯᠡᠬᠦ ᠬᠡᠷᠡᠭᠲᠡᠢ᠃ ᠶᠡᠷᠦᠩᠬᠡᠢ | ᠱᠦᠵᠢ ᠰᠢ ᠶᠢᠨ ᠫᠢᠩ ᠤᠨ ᠤᠯᠤᠰ ᠤᠨ ᠠᠮᠤᠷ ᠲᠦᠪᠰᠢᠨ ᠤ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ | ᠰᠤᠷᠤᠯᠴᠠᠨ ᠲᠤᠭᠤᠰᠢᠯᠠᠭᠤᠯᠵᠤ᠂ ᠮᠠᠨ ᠤ ᠬᠤᠳᠠ ᠶᠢᠨ ᠭᠤᠣᠯᠳᠠᠯᠭ᠎ᠠ ᠲᠠᠢ ᠬᠦᠷᠢᠶ᠎ᠡ ᠳᠤ ᠠᠩᠬᠠᠷᠤᠯ ᠢᠶᠠᠨ | ᠲᠥᠪᠯᠡᠷᠡᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠭᠦᠷᠭᠡ ᠴᠢᠳᠠᠪᠬᠢ ᠪᠠᠨ ᠪᠠᠳᠠᠷᠠᠭᠤᠯᠵᠤ᠂ | ᠠᠮᠤᠷ ᠠᠮᠤᠭᠤᠯᠠᠩ ᠤᠯᠠᠭᠠᠨᠴᠠᠪ ᠤᠨ ᠪᠦᠳᠦᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠬᠦ ᠬᠡᠷᠡᠭᠲᠡᠢ᠃ ᠲᠥᠪ ᠤᠨ | ᠨᠠᠢᠮᠠᠨ ᠵᠣᠷᠪᠤᠰ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ | ᠯᠠᠪᠳᠠᠭᠤᠨ ᠪᠠᠲᠤᠲᠠᠢ ᠥᠷᠨᠢᠭᠦᠯᠵᠦ᠂ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠤᠯᠤᠰ ᠲᠦᠷᠦ ᠶᠢᠨ ᠤᠬᠠᠮᠰᠠᠷ ᠪᠠ | ᠦᠵᠡᠯ ᠰᠠᠨᠠᠭᠠᠨ ᠤ ᠤᠬᠠᠮᠰᠠᠷ ᠢᠶᠠᠨ ᠴᠢᠩᠭᠠᠳᠬᠠᠵᠤ᠂ ᠰᠤᠷᠤᠯᠴᠠᠯᠭ᠎ᠠ ᠬᠥᠮᠦᠵᠢᠯ ᠪᠠ ᠲᠤᠬᠠᠶᠢᠯᠠᠭᠰᠠᠨ ᠠᠵᠢᠯ ᠢ | ᠬᠤᠶᠠᠷ ᠲᠠᠯ᠎ᠠ ᠪᠠᠷ ᠠᠳᠬᠤᠬᠤ᠂ ᠬᠤᠶᠠᠷ ᠢ ᠠᠬᠢᠭᠤᠯᠬᠤ ᠶᠢ ᠪᠠᠷᠢᠮᠲᠠᠯᠠᠵᠤ᠂ ᠰᠤᠷᠤᠯᠴᠠᠯᠭ᠎ᠠ ᠬᠥᠮᠦᠵᠢᠯ ᠤᠨ ᠦᠷ᠎ᠡ | ᠪᠦᠲᠦᠮᠵᠢ ᠪᠠᠷ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠤᠷᠴᠢᠭᠤᠯᠤᠭᠴᠢ᠄ ᠭᠤᠸ᠎ᠠ | ᠬᠢᠨᠠᠭᠴᠢ᠄ ᠠᠷᠢᠭᠤᠨ |