3 ᠰᠠᠷ᠎ᠠ ᠶᠢᠨ 3 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠵᠧᠤ ᠺᠠᠶ ᠰᠢᠩ ᠾᠧ ᠰᠢᠶᠠᠨ ᠳᠤ | ᠭᠦᠨᠵᠡᠭᠡᠶᠢᠷᠡᠨ ᠠᠶᠤᠯᠭᠦᠶ ᠦᠢᠯᠡᠳᠪᠦᠷᠢᠯᠡᠯ ᠤᠨ ᠠᠵᠢᠯ ᠢ ᠪᠠᠶᠢᠴᠠᠭᠠᠨ ᠰᠤᠳᠤᠯᠪᠠ᠃ | ᠰᠢᠨ ᠲᠠᠢ ᠲᠡᠮᠦᠷ ᠤᠨ ᠬᠠᠶᠢᠯᠤᠰᠢ᠂ ᠱᠠᠨ ᠾᠧ ᠲᠧ ᠭᠠᠩ ᠵᠡᠷᠭᠡ ᠠᠵᠤ ᠠᠬᠤᠶᠢᠯᠠᠯ ᠳᠤ᠂ ᠵᠧᠦ ᠺᠠᠢ ᠠᠵᠤ | ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠪᠠ᠃ ᠲᠡᠷᠡ᠂ | ᠠᠵᠤ ᠠᠬᠤᠶᠢᠯᠠᠯ ᠤᠨ ᠬᠢᠨ ᠠᠶᠤᠯᠭᠦᠢ ᠦᠢᠯᠡᠳᠪᠦᠷᠢᠯᠡᠯ ᠤᠨ ᠡᠨᠡᠬᠦ ᠬᠥᠪᠴᠢ ᠶᠢ ᠢᠮᠠᠭᠲᠠ ᠴᠢᠩᠭᠠᠷᠠᠭᠤᠯᠵᠤ᠂ ᠠᠮᠤᠷ | ᠲᠦᠪᠰᠢᠨ ᠤ ᠬᠠᠮᠢᠶᠠᠷᠤᠯᠲᠠ ᠶᠢ ᠭᠤᠭᠴᠤᠭ᠎ᠠ ᠨᠢᠭᠡᠪᠦᠷᠢ ᠳᠤ ᠦᠨᠡᠨ ᠬᠦ ᠨᠠᠶᠢᠳᠠᠪᠤᠷᠢᠵᠢᠭᠤᠯᠵᠤ᠂ ᠰᠡᠷᠡᠮᠵᠢ ᠶᠢᠨ | ᠬᠤᠩᠬᠤ ᠶᠢ ᠪᠠᠶᠢᠩᠭᠤ ᠳᠤᠤᠭᠠᠷᠭᠠᠵᠤ᠂ ᠴᠥᠬᠦᠷᠡᠰᠢ ᠦᠭᠡᠢ ᠪᠠᠶᠢᠩᠭᠤ ᠠᠳᠬᠤᠵᠤ᠂ ᠠᠶᠤᠯᠭᠦᠢ | ᠦᠢᠯᠡᠳᠪᠦᠷᠢᠯᠡᠯ ᠤᠨ ᠡᠨᠡᠬᠦ ᠤᠯᠠᠭᠠᠨ ᠱᠤᠭᠤᠮ ᠢ ᠡᠷᠡᠰ ᠪᠠᠲᠤ ᠰᠠᠬᠢᠬᠤ ᠬᠡᠷᠡᠭᠲᠡᠢ᠃ ᠡᠯ᠎ᠡ ᠱᠠᠳᠤ ᠡᠯ᠎ᠡ ᠰᠠᠯᠠᠭ᠎ᠠ | ᠮᠥᠴᠢᠷ ᠤᠨ ᠬᠢᠨ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ | ᠡᠯ᠎ᠡ ᠵᠦᠢᠯ ᠤᠨ ᠠᠵᠢᠯ ᠢ ᠪᠣᠳᠠᠲᠠᠢ ᠪᠥᠭᠡᠳ ᠨᠠᠷᠢᠯᠢᠭ ᠠᠳᠬᠤᠵᠤ᠂ ᠠᠵᠢᠯ ᠤᠨ ᠬᠠᠷᠢᠭᠤᠴᠠᠯᠭ᠎ᠠ ᠪᠠᠨ ᠪᠠᠷᠢᠮᠲᠠᠯᠠᠬᠤ᠂ | ᠠᠵᠢᠯ ᠤᠨ ᠬᠠᠷᠢᠭᠤᠴᠠᠯᠭ᠎ᠠ ᠪᠠᠨ ᠰᠠᠬᠢᠬᠤ᠂ ᠠᠵᠢᠯ ᠤᠨ ᠬᠠᠷᠢᠭᠤᠴᠠᠯᠭ᠎ᠠ ᠪᠠᠨ ᠭᠦᠢᠴᠡᠳᠬᠡᠬᠦ ᠶᠢ ᠪᠡᠶᠡᠯᠡᠭᠦᠯᠬᠦ | ᠬᠡᠷᠡᠭᠲᠡᠢ ᠭᠡᠵᠦ ᠬᠡᠯᠡᠪᠡ᠃ ᠪᠠᠶᠢᠴᠠᠭᠠᠨ ᠰᠤᠳᠤᠯᠤᠯᠲᠠ ᠶᠢᠨ ᠳᠤᠮᠳᠠ᠂ ᠵᠧᠦ ᠺᠠᠢ ᠪᠠᠰᠠ ᠠᠵᠤ ᠠᠬᠤᠶᠢᠯᠠᠯ ᠤᠨ | ᠦᠢᠯᠡᠳᠪᠦᠷᠢᠯᠡᠯ ᠠᠵᠢᠯᠴᠢᠨ ᠬᠡᠷᠡᠭᠯᠡᠵᠦ ᠪᠠᠶᠢᠭ᠎ᠠ ᠪᠠᠶᠢᠳᠠᠯ ᠢ ᠨᠠᠷᠢᠨ ᠣᠶᠢᠯᠠᠭᠠᠵᠤ᠂ ᠠᠵᠤ ᠠᠬᠤᠶᠢᠯᠠᠯ ᠤᠨ | ᠦᠢᠯᠡᠳᠪᠦᠷᠢᠯᠡᠯ ᠡᠵᠡᠩᠨᠡᠯᠲᠡ ᠶᠢᠨ ᠳᠤᠮᠳᠠ ᠲᠤᠯᠭᠠᠷᠠᠭᠰᠠᠨ ᠬᠦᠴᠢᠷ ᠠᠰᠠᠭᠤᠳᠠᠯ ᠢ ᠬᠠᠯᠠᠮᠵᠢᠯᠠᠨ ᠠᠰᠠᠭᠤᠵᠤ᠂ | ᠣᠷᠣᠨ ᠨᠤᠲᠤᠭ ᠪᠣᠯᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠠᠵᠤ ᠠᠬᠤᠶᠢᠯᠠᠯ ᠢ ᠲᠤᠰᠠᠯᠠᠬᠤ | ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠠᠵᠤ ᠠᠬᠤᠶᠢᠯᠠᠯ ᠤᠨ ᠬᠡᠷᠡᠭᠴᠡᠭᠡ ᠶᠢ ᠤᠨᠢᠨ ᠳᠡᠭᠡᠷ᠎ᠡ ᠨᠢ ᠵᠣᠯᠭᠠᠭᠤᠯᠵᠤ᠂ | ᠠᠵᠤ ᠠᠬᠤᠶᠢᠯᠠᠯ ᠢ ᠲᠣᠭᠲᠠᠪᠤᠷᠢᠵᠢᠭᠤᠯᠤᠨ ᠠᠵᠤ ᠠᠬᠤᠶᠢᠯᠠᠯ ᠳᠤ ᠠᠰᠢᠭ ᠬᠦᠷᠲᠡᠭᠡᠬᠦ ᠡᠯ᠎ᠡ ᠲᠦᠷᠦᠯ ᠤᠨ ᠠᠷᠭ᠎ᠠ | ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠬᠥᠭᠵᠢᠨ ᠪᠤᠵᠠᠭᠠᠢᠢᠷᠠᠬᠤ ᠶᠢ ᠬᠠᠮᠠᠭᠠᠯᠠᠬᠤ | ᠬᠡᠷᠡᠭᠲᠡᠢ ᠭᠡᠵᠦ ᠵᠠᠬᠢᠪᠠ᠃ | ᠪᠦᠬᠦ ᠤᠯᠤᠰ ᠤᠨ ᠬᠤᠶᠠᠷ ᠬᠤᠷᠠᠯ ᠬᠤᠷᠠᠯᠳᠤᠬᠤ ᠭᠡᠵᠦ ᠪᠠᠶᠢᠭ᠎ᠠ ᠦᠶ᠎ᠡ ᠳᠤ᠂ ᠵᠧᠦ ᠺᠠᠢ G6 ᠬᠤᠷᠳᠤᠨ ᠤ | ᠵᠠᠮ ᠤᠨ ᠥᠪᠥᠷ ᠮᠣᠩᠭᠤᠯ ᠾᠧᠪᠧᠢ ᠶᠢᠨ ᠵᠠᠭᠠᠭ ᠤᠨ ᠪᠠᠶᠢᠴᠠᠭᠠᠬᠤ ᠥᠷᠲᠡᠭᠡ ᠳᠤ ᠬᠦᠷᠴᠦ᠂ ᠲᠡᠷᠭᠡ ᠬᠥᠰᠬᠡ | ᠨᠡᠪᠲᠡᠷᠡᠬᠦ ᠪᠠ ᠠᠮᠤᠷ ᠲᠦᠪᠰᠢᠨ ᠤ ᠪᠠᠶᠢᠴᠠᠭᠠᠯᠲᠠ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ | ᠦᠵᠡᠭᠰᠡᠨ ᠪᠥᠭᠡᠳ ᠨᠢᠭᠡᠳᠦᠭᠡᠷ ᠹᠷᠣᠨᠲ ᠤᠨ ᠵᠢᠵᠢᠭᠦᠷᠯᠡᠨ ᠰᠠᠬᠢᠵᠤ ᠪᠠᠶᠢᠭ᠎ᠠ ᠺᠠᠳ᠋ᠷ ᠴᠠᠭᠳᠠᠭ᠎ᠠ ᠶᠢ ᠪᠣᠯᠭᠤᠭᠠᠨ | ᠲᠣᠬᠤᠨᠢᠭᠤᠯᠪᠠ᠃ ᠲᠡᠷᠡ᠂ ᠠᠮᠤᠷ ᠲᠦᠪᠰᠢᠨ ᠤ ᠪᠠᠶᠢᠴᠠᠭᠠᠯᠲᠠ ᠶᠢᠨ ᠠᠵᠢᠯ ᠢ ᠭᠦᠨᠵᠡᠭᠡᠶ ᠨᠠᠷᠢᠨ ᠨᠢᠮᠪᠠᠶ ᠰᠠᠶᠢᠲᠤᠷ | ᠬᠢᠵᠦ᠂ ᠮᠡᠳᠡᠭᠡ ᠵᠠᠩᠭᠢᠵᠢᠯᠲᠠ ᠶᠢᠨ ᠠᠷᠭ᠎ᠠ ᠪᠠᠷᠢᠯ ᠢ ᠭᠦᠢᠴᠡᠳ ᠠᠰᠢᠭᠯᠠᠨ᠂ ᠡᠯ᠎ᠡ ᠲᠥᠷᠥᠯ ᠤᠨ ᠠᠮᠤᠷ | ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ ᠠᠷᠢᠯᠭᠠᠨ᠂ ᠪᠥᠬᠦ ᠤᠯᠤᠰ ᠤᠨ ᠬᠤᠶᠠᠷ ᠬᠤᠷᠠᠯ ᠤᠨ | ᠠᠮᠵᠢᠯᠲᠠ ᠲᠠᠢ ᠬᠤᠷᠠᠯᠳᠤᠬᠤ ᠳᠤ ᠠᠮᠤᠷ ᠲᠦᠪᠰᠢᠨ ᠲᠣᠭᠲᠠᠭᠤᠨ ᠨᠡᠶᠢᠭᠡᠮ ᠤᠨ ᠣᠷᠴᠢᠨ ᠨᠥᠬᠦᠴᠡᠯ ᠢ ᠪᠣᠶ | ᠪᠣᠯᠭᠠᠬᠤ ᠬᠡᠷᠡᠭᠲᠡᠶ ᠭᠡᠵᠦ ᠬᠡᠯᠡᠪᠡ᠃ | ᠰᠦᠢ ᠵᠢᠶᠠᠨ ᠬᠤᠸᠠ ᠣᠷᠣᠯᠴᠠᠪᠠ᠃ | ᠣᠷᠴᠢᠭᠤᠯᠤᠭᠴᠢ᠄ ᠭᠤᠸ᠎ᠠ | ᠬᠢᠨᠠᠭᠴᠢ᠄ ᠠᠷᠢᠭᠤᠨ |