| | 3 ᠰᠠᠷ᠎ᠠ ᠶᠢᠨ 3 ᠤ ᠡᠳᠦᠷ᠂ ᠯᠢᠶᠠᠩᠴᠧᠩ ᠰᠢᠶᠠᠨ ᠠᠩᠬᠠᠳᠠᠭᠴᠢ ᠬᠤᠭᠤᠴᠠᠭᠠᠨ ᠤ ᠰᠦᠯᠵᠢᠶᠡᠨ ᠤ ᠦᠢᠯᠡᠰ | ᠪᠤᠰᠬᠠᠬᠤ ᠪᠣᠯᠪᠠᠰᠤᠷᠠᠯ ᠤᠨ ᠠᠩᠭᠢ ᠡᠷᠬᠢᠯᠡᠵᠦ᠂ ᠬᠢᠷᠢ ᠭᠡᠮ ᠲᠠᠢ ᠪᠠᠭᠰᠢ ᠶᠢ ᠤᠷᠢᠵᠤ ᠬᠢᠴᠢᠶᠡᠯᠡᠬᠦᠯᠵᠤ᠂ | ᠮᠡᠷᠭᠡᠵᠢᠯ ᠤᠨ ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠳᠠ ᠶᠢ ᠴᠢᠩᠭᠠᠳᠭᠠᠵᠤ᠂ ᠠᠵᠢᠯ ᠠᠯᠳᠠᠭᠰᠠᠨ ᠬᠥᠮᠦᠰ ᠤᠨ | ᠠᠵᠢᠯ ᠣᠯᠵᠤ ᠦᠢᠯᠡᠰ ᠪᠤᠰᠬᠠᠬᠤ ᠴᠢᠳᠠᠪᠤᠷᠢ ᠶᠢ ᠳᠡᠭᠡᠭᠰᠢᠯᠡᠬᠦᠯᠵᠤ᠂ ᠲᠡᠳᠡᠨ ᠢ ᠬᠠᠪᠰᠤᠷᠤᠨ ᠠᠵᠢᠯ ᠣᠯᠭᠤᠬᠤ | ᠠᠷᠭ᠎ᠠ ᠵᠠᠮ ᠢ ᠨᠢ ᠥᠷᠭᠡᠳᠭᠡᠵᠦ᠂ ᠭᠦᠢᠴᠡᠳ ᠠᠵᠢᠯ ᠣᠯᠭᠤᠬᠤ ᠶᠢ ᠪᠡᠶᠡᠯᠡᠭᠦᠯᠬᠦ ᠶᠢᠨ ᠲᠥᠯᠥᠭᠡ ᠶᠦᠮ᠃ | ᠪᠣᠯᠪᠠᠰᠤᠷᠠᠯ ᠤᠨ ᠲᠤᠬᠠᠢ ᠶᠢᠨ ᠲᠠᠯᠠᠪᠠᠢ ᠳᠤ᠂ ᠪᠠᠭᠰᠢ ᠰᠦᠯᠵᠢᠶᠡᠨ ᠤ ᠦᠢᠯᠡᠰ ᠪᠤᠰᠬᠠᠬᠤ ᠪᠣᠯᠪᠠᠰᠤᠷᠠᠯ ᠤᠨ | ᠠᠩᠬᠢ ᠶᠢᠨ ᠪᠣᠳᠠᠲᠠᠢ ᠲᠤᠬᠢᠷᠠᠭᠤᠯᠤᠯᠳᠠ ᠶᠢᠨ ᠪᠠᠶᠢᠳᠠᠯ ᠢ ᠨᠠᠷᠢᠨ ᠲᠠᠨᠢᠯᠴᠠᠭᠤᠯᠪᠠ᠃ ᠰᠦᠯᠵᠢᠶᠡᠨ ᠤ ᠦᠢᠯᠡᠰ | ᠪᠤᠰᠬᠠᠬᠤ ᠪᠣᠯᠪᠠᠰᠤᠷᠠᠯ ᠤᠨ ᠦᠨᠳᠦᠰᠦᠨ ᠮᠡᠳᠡᠯᠭᠡ ᠵᠢᠴᠢ ᠰᠦᠯᠵᠢᠶᠡᠨ ᠤ ᠦᠢᠯᠡᠰ ᠪᠤᠰᠬᠠᠬᠤ ᠬᠠᠮᠢᠶ᠎ᠠ ᠪᠦᠬᠦᠢ | ᠮᠡᠳᠡᠯᠭᠡ ᠶᠢ ᠨᠠᠷᠢᠨ ᠬᠢᠨᠠᠮᠠᠭᠠᠢ ᠲᠠᠶᠢᠯᠪᠤᠷᠢᠯᠠᠵᠤ᠂ ᠤᠨᠤᠯ ᠤᠨ ᠮᠡᠳᠡᠯᠭᠡ ᠶᠢ ᠲᠡᠭᠦᠯᠳᠡᠷᠵᠢᠭᠦᠯᠦᠭᠰᠡᠨ ᠰᠠᠭᠤᠷᠢᠨ ᠳᠡᠭᠡᠷ᠎ᠡ᠂ | ᠲᠤᠬᠠᠢ ᠶᠢᠨ ᠲᠠᠯᠠᠪᠠᠢ ᠳᠤ ᠰᠤᠷᠤᠭᠴᠢᠳ ᠢ ᠵᠢᠯᠣᠭᠤᠳᠤᠨ ᠦᠢᠯᠡᠳᠦᠯᠭᠡ ᠶᠢᠨ ᠠᠵᠢᠯᠯᠠᠭᠠᠨ ᠤ ᠤᠷ᠎ᠠ ᠴᠢᠳᠠᠪᠤᠷᠢ ᠶᠢ | ᠡᠵᠡᠮᠰᠢᠭᠦᠯᠪᠡ᠃ ᠰᠤᠷᠤᠭᠴᠢᠳ ᠤᠶᠤᠨ ᠴᠢᠳᠠᠯ ᠢᠶᠠᠨ ᠲᠥᠪᠯᠡᠷᠡᠭᠦᠯᠦᠨ ᠨᠠᠷᠢᠨ ᠬᠢᠨᠠᠮᠠᠭᠠᠢ ᠰᠣᠨᠣᠰᠴᠤ᠂ ᠭᠦᠨᠵᠡᠭᠡᠢ | ᠰᠣᠯᠢᠯᠴᠠᠵᠤ᠂ ᠬᠠᠷᠢᠯᠴᠠᠨ ᠰᠤᠳᠤᠯᠤᠨ ᠶᠠᠷᠢᠯᠴᠠᠵᠤ᠂ ᠲᠤᠬᠠᠢ ᠶᠢᠨ ᠲᠠᠯᠠᠪᠠᠢ ᠶᠢᠨ ᠰᠤᠷᠤᠯᠴᠠᠯᠭ᠎ᠠ ᠶᠢᠨ ᠠᠭᠤᠷ | ᠠᠮᠢᠰᠬᠤᠯ ᠮᠠᠰᠢ ᠬᠥᠭᠵᠢᠶᠡᠨᠲᠡᠢ ᠪᠠᠶᠢᠯ᠎ᠠ᠃ | ᠲᠣᠰ ᠤᠳᠠᠭᠠᠨ ᠤ ᠪᠣᠯᠪᠠᠰᠤᠷᠠᠯ ᠨᠡᠶᠢᠲᠡ 7 ᠡᠳᠦᠷ᠂ ᠨᠡᠶᠢᠲᠡ 56 ᠬᠢᠴᠢᠶᠡᠯ ᠤᠨ ᠴᠠᠭ᠂ ᠨᠡᠶᠢᠲᠡ 30 | ᠰᠣᠷᠣᠭᠴᠢ ᠪᠣᠯᠪᠠᠰᠤᠷᠠᠭᠤᠯᠵᠤ᠂ ᠡᠭᠦᠨ ᠳᠤ ᠡᠮᠡᠭᠲᠡᠶ 23 ᠪᠠᠶᠢᠨ᠎ᠠ᠃ ᠪᠣᠯᠪᠠᠰᠤᠷᠠᠯ ᠳᠤ ᠣᠷᠣᠯᠴᠠᠭᠰᠠᠨ | ᠰᠤᠷᠤᠭᠴᠢᠳ᠂ ᠲᠤᠰ ᠤᠳᠠᠭᠠᠨ ᠤ ᠪᠣᠯᠪᠠᠰᠤᠷᠠᠯ ᠤᠨ ᠠᠭᠤᠯᠭ᠎ᠠ ᠨᠢ ᠨᠠᠷᠢᠨ ᠪᠣᠳᠠᠲᠠᠶ᠂ ᠪᠠᠭᠰᠢ ᠶᠢᠨ ᠡᠩᠨᠡᠭᠡ ᠨᠢ | ᠰᠢᠯᠢᠳᠡᠭ᠂ ᠪᠢᠳᠡ ᠣᠯᠤᠯᠲᠠ ᠲᠡᠭᠦᠯᠳᠡᠷ ᠪᠠᠶᠢᠵᠤ᠂ ᠮᠡᠷᠭᠡᠵᠢᠯ ᠤᠨ ᠵᠡᠷᠭᠡ ᠳᠡᠰ ᠤᠨ ᠭᠡᠷᠡᠴᠢᠯᠡᠯ ᠤᠨ ᠰᠢᠯᠭᠠᠯᠲᠠ ᠶᠢ | ᠤᠷᠤᠭᠰᠢᠲᠠᠶ ᠥᠩᠭᠡᠷᠡᠭᠦᠯᠬᠦ ᠳᠤ ᠰᠠᠭᠤᠷᠢ ᠶᠢ ᠪᠠᠬᠢᠵᠢᠭᠦᠯᠵᠦ᠂ ᠠᠵᠢᠯ ᠠᠯᠳᠠᠭᠰᠠᠳ ᠤᠨ ᠠᠵᠢᠯ ᠣᠯᠵᠤ ᠦᠢᠯᠡᠰ | ᠪᠤᠰᠬᠠᠬᠤ ᠴᠢᠳᠠᠪᠤᠷᠢ ᠶᠢ ᠤᠯᠠᠮ ᠨᠢᠭᠡ ᠠᠯᠬᠤᠮ ᠨᠡᠮᠡᠭᠳᠡᠭᠦᠯᠪᠡ ᠭᠡᠵᠦ ᠢᠯᠡᠳᠬᠡᠵᠡᠭᠡᠪᠡ᠃ | ᠤᠷᠴᠢᠭᠤᠯᠤᠭᠴᠢ᠄ ᠬᠦᠰᠡᠯ | ᠬᠢᠨᠠᠭᠴᠢ᠄ ᠠᠷᠢᠭᠤᠨ |