ᠯᠸᠢ ᠹᠧᠩ ᠤᠨ ᠵᠣᠷᠢᠭ ᠰᠠᠨᠠᠭ᠎ᠠ ᠶᠢ ᠦᠢᠯᠡᠳᠦᠯᠭᠡᠵᠢᠭᠦᠯᠵᠦ᠂ ᠵᠢᠨᠢᠩ ᠲᠣᠭᠤᠷᠢᠭ ᠤᠨ ᠪᠡᠶ᠎ᠡ ᠵᠡᠮᠳᠡᠭ ᠪᠤᠯᠪᠠᠴᠦ ᠵᠣᠷᠢᠭ ᠬᠠᠲᠠᠭᠤ ᠨᠣᠭᠤᠭ᠎ᠠ ᠶᠢᠨ ᠲᠠᠷᠢᠶᠠᠴᠢᠨ᠄ ᠬᠤᠶᠠᠷ ᠮᠢᠩᠭ᠎ᠠ ᠭᠠᠷᠤᠢ ᠵᠢᠩ ᠰᠢᠨ᠎ᠡ ᠰᠣᠷᠭᠤᠭ ᠢᠳᠡᠰᠢᠨ ᠨᠣᠭᠤᠭ᠎ᠠ ᠶᠢ ᠬᠦᠴᠢᠷᠳᠡᠯᠲᠡᠢ ᠤᠯᠠᠨ ᠲᠦᠮᠡᠨ ᠳᠤ ᠬᠠᠨᠳᠢᠪᠯᠠᠪᠠ
ᠨᠡᠶᠢᠲᠡᠯᠡᠭᠰᠡᠨ ᠴᠠᠭ᠄
2025/3/5
      ᠰᠠᠶᠢᠨ ᠳᠤᠷ᠎ᠠ ᠶᠢᠨ ᠠᠵᠢᠯᠯᠠᠭᠴᠢ ᠢᠳᠡᠰᠢᠨ ᠨᠣᠭᠤᠭ᠎ᠠ ᠬᠠᠳᠤᠵᠤ ᠬᠤᠷᠢᠶᠠᠵᠤ ᠪᠠᠶᠢᠨ᠎ᠠ᠃
  ᠵᠢᠨᠢᠩ ᠲᠣᠭᠤᠷᠢᠭ ᠤᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠠᠴᠠ ᠽᠦᠸᠧ ᠰᠢᠤᠸᠠᠢ ᠫᠢᠩ ᠳᠤ ᠢᠷᠠᠭᠤ ᠠᠯᠳᠠᠷ ᠤᠨ ᠦᠨᠡᠮᠯᠡᠯ ᠣᠯᠭᠤᠪᠠ᠃ ᠸᠠᠩ ᠵᠢᠶᠦ᠋ᠠ ᠫᠢᠩ ᠰᠠᠭᠦᠲᠠᠷᠯᠠᠪᠠ      2 ᠰᠠᠷ᠎ᠠ ᠶᠢᠨ 28 ᠤ ᠡᠳᠦᠷ᠂ ᠵᠢᠨᠢᠩ ᠲᠣᠭᠤᠷᠢᠭ ᠤᠨ ᠮᠠ ᠯᠢᠶᠠᠨ ᠴᠢᠦᠶ ᠰᠢᠶᠠᠩ ᠤᠨ ᠯᠢ ᠴᠠᠩ ᠴᠢᠩ ᠲᠣᠰᠬᠤᠨ ᠤ ᠲᠠᠷᠢᠶᠠᠴᠢᠨ ᠡᠷᠦᠬᠡ ᠽᠦᠸᠧ ᠰᠢᠤᠸᠠᠢ ᠫᠢᠩ ᠤᠨ ᠢᠳᠡᠰᠢᠨ ᠨᠣᠭᠤᠭ᠎ᠠ ᠶᠢᠨ ᠬᠦᠯᠡᠮᠵᠢ ᠳᠤ ᠶᠠᠭᠠᠷᠠᠯᠳᠤᠵᠤ ᠪᠠᠶᠢᠯ᠎ᠠ᠃ ᠯᠸᠢ ᠹᠧᠩ ᠠᠴᠠ ᠰᠤᠷᠤᠯᠴᠠᠬᠤ ᠡᠳᠦᠷ ᠬᠦᠷᠴᠦ ᠢᠷᠡᠬᠦ ᠲᠠᠰᠢᠷᠠᠮ ᠢᠶᠠᠷ᠂ ᠡᠨᠡᠬᠦ ᠪᠡᠶ᠎ᠡ ᠵᠡᠮᠳᠡᠭ ᠪᠤᠯᠪᠠᠴᠦ ᠵᠣᠷᠢᠭ ᠬᠠᠲᠠᠭᠤ ᠨᠣᠭᠤᠭ᠎ᠠ ᠶᠢᠨ ᠲᠠᠷᠢᠶᠠᠴᠢᠨ ᠥᠪᠡᠷ ᠢᠶᠠᠨ ᠵᠦᠳᠡᠷᠡᠨ ᠲᠠᠷᠢᠭᠰᠠᠨ 2000 ᠭᠠᠷᠤᠢ ᠵᠢᠩ ᠰᠢᠨ᠎ᠡ ᠰᠣᠷᠭᠤᠭ ᠢᠳᠡᠰᠢᠨ ᠨᠣᠭᠤᠭ᠎ᠠ ᠪᠠᠨ ᠬᠤᠳᠠ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠰᠠᠶᠢᠨ ᠳᠤᠷ᠎ᠠ ᠶᠢᠨ ᠠᠵᠢᠯᠯᠠᠭᠴᠢ ᠶᠢᠨ ᠨᠡᠶᠢᠭᠡᠮᠯᠢᠭ ᠢᠶᠠᠷ ᠳᠠᠮᠵᠢᠨ ᠬᠦᠴᠢᠷᠳᠡᠯᠲᠡᠢ ᠤᠯᠠᠨ ᠲᠦᠮᠡᠨ ᠳᠤ ᠬᠠᠨᠳᠢᠪᠯᠠᠪᠠ᠃                       ᠤᠷᠴᠢᠭᠤᠯᠤᠭᠴᠢ᠄ ᠬᠦᠰᠡᠯ                       ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠣᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2