ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ ᠯᠦ ᠵᠢᠶᠠ ᠼᠦᠨ ᠲᠣᠰᠬᠤᠨ ᠲᠠᠢ ᠬᠠᠮᠳᠤᠷᠠᠨ ᠯᠸᠢ ᠹᠧᠩ ᠠᠴᠠ ᠲᠠᠭᠠᠨ ᠰᠤᠷᠤᠯᠴᠠᠬᠤ ᠶᠢ ᠦᠢᠯᠡᠳᠦᠯᠬᠡᠵᠢᠬᠦᠯᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2025/3/5
           3 ᠰᠠᠷ᠎ᠠ ᠶᠢᠨ 4 ᠤ ᠡᠳᠦᠷ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ ᠪᠠᠶᠠᠨᠴᠠᠭᠠᠨ ᠪᠠᠯᠭᠠᠰᠤᠨ ᠤ ᠯᠦ ᠵᠢᠶᠠ ᠲᠣᠰᠬᠤᠨ ᠲᠠᠢ ᠬᠠᠮᠲᠤᠷᠠᠨ᠂ ᠨᠠᠮ ᠤᠨ ᠭᠡᠰᠢᠭᠦᠨ ᠺᠠᠳ᠋ᠷᠴᠤᠳ ᠢ ᠵᠣᠬᠢᠶᠠᠨ ᠪᠠᠶᠢᠭᠤᠯᠤᠨ ᠯᠸᠢ ᠹᠧᠩ ᠠᠴᠠ ᠰᠤᠷᠤᠯᠴᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠵᠦ᠂ ᠲᠣᠰᠬᠤᠨ ᠤ ᠰᠣᠶᠣᠯ ᠤᠨ ᠠᠭᠤᠳᠠᠮ ᠲᠠᠯᠠᠪᠠᠢ ᠵᠢᠴᠢ ᠡᠷᠬᠢᠨ ᠲᠣᠭᠤᠷᠢᠨ ᠤ ᠣᠷᠴᠢᠨ ᠲᠣᠭᠤᠷᠢᠨ ᠢ ᠴᠡᠪᠡᠷᠯᠡᠵᠦ᠂ ᠪᠣᠳᠠᠲᠤ ᠠᠵᠢᠯᠯᠠᠭ᠎ᠠ ᠪᠠᠷ ᠢᠶᠠᠨ ᠯᠸᠢ ᠹᠧᠩ ᠤᠨ ᠬᠠᠷᠠᠮ ᠦᠭᠡᠢ ᠵᠣᠷᠢᠭᠤᠯᠬᠤ ᠵᠣᠷᠢᠭ ᠰᠠᠨᠠᠭ᠎ᠠ ᠶᠢ ᠤᠯᠠᠮᠵᠢᠯᠠᠨ ᠪᠠᠳᠠᠷᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠤᠪᠢ ᠨᠡᠮᠡᠷᠢ ᠦᠵᠡᠭᠦᠯᠪᠡ᠃     ᠦᠳᠡ ᠶᠢᠨ ᠡᠮᠦᠨᠡᠬᠢ 10 ᠴᠠᠭ ᠲᠤ᠂ ᠨᠠᠮ ᠤᠨ ᠭᠡᠰᠢᠭᠦᠨ ᠺᠠᠳ᠋ᠷᠴᠤᠳ ᠱᠦᠭᠦᠷ᠂ ᠲᠡᠮᠦᠷ ᠬᠦᠷᠵᠡ ᠵᠡᠷᠭᠡ ᠪᠠᠭᠠᠵᠢ ᠬᠡᠷᠡᠭᠰᠡᠯ ᠢᠶᠠᠨ ᠠᠪᠴᠤ᠂ ᠳᠤᠭᠤᠶᠢᠯᠠᠩ ᠬᠤᠪᠢᠶᠠᠨ ᠬᠥᠳᠡᠯᠦᠯᠴᠡᠵᠦ᠂ ᠴᠡᠪᠡᠷᠯᠡᠬᠦ ᠳᠤᠭᠤᠶᠢᠯᠠᠩ ᠬᠤᠪᠠᠭ᠋ᠠᠶ ᠰᠠᠯᠠᠭ᠎ᠠ ᠨᠠᠮᠠᠭ᠎ᠠ ᠶᠢ ᠨᠠᠷᠢᠨ ᠬᠢᠨᠠᠮᠠᠭᠠᠶ ᠴᠡᠪᠡᠷᠯᠡᠵᠦ᠂ ᠬᠠᠶᠠᠭᠳᠠᠮᠠᠯ ᠴᠠᠭᠠᠰᠤ ᠲᠠᠮᠠᠬᠢᠨ ᠦᠵᠦᠭᠦᠷ ᠢ ᠴᠡᠪᠡᠷᠯᠡᠵᠦ᠂ ᠡᠷᠡᠭᠦᠯ ᠬᠠᠮᠠᠭᠠᠯᠠᠯ ᠤᠨ ᠥᠨᠴᠥᠭ ᠪᠤᠯᠤᠩ ᠦᠯᠡᠳᠡᠭᠡᠬᠦ ᠦᠭᠡᠶ ᠪᠠᠶᠢᠯ᠎ᠠ︔ ᠬᠤᠭ ᠨᠣᠪᠰᠢ ᠶᠢ ᠴᠡᠪᠡᠷᠯᠡᠨ ᠲᠡᠭᠡᠭᠡᠪᠦᠷᠢᠯᠡᠬᠦ ᠳᠤᠭᠤᠶᠢᠯᠠᠩ ᠰᠠᠶᠢᠳᠤᠷ ᠬᠠᠮᠵᠢᠯᠴᠠᠨ ᠬᠠᠶᠠᠭᠳᠠᠮᠠᠯ ᠪᠣᠳᠠᠰ ᠢ ᠵᠥᠭᠡᠭᠡᠪᠦᠷᠢᠯᠡᠪᠡ᠃ ᠰᠠᠶᠢᠨ ᠳᠤᠷ᠎ᠠ ᠶᠢᠨ ᠠᠵᠢᠯᠯᠠᠭᠴᠢ ᠶᠢᠨ ᠡᠷᠴᠢ ᠵᠣᠷᠢᠭ ᠲᠡᠭᠦᠯᠳᠡᠷ ᠪᠠᠶᠢᠵᠤ᠂ ᠵᠠᠷᠢᠮ ᠨᠢ ᠨᠣᠭᠤᠭᠠᠷᠠᠭᠤᠯᠤᠯᠲᠠ ᠶᠢᠨ ᠪᠦᠰᠡ ᠶᠢᠨ ᠳᠣᠲᠣᠷᠠᠬᠢ ᠰᠦᠯᠢᠶᠣᠣ ᠤᠭᠤᠲᠠ ᠶᠢ ᠴᠡᠪᠡᠷᠯᠡᠵᠤ᠂ ᠵᠠᠷᠢᠮ ᠨᠢ ᠨᠠᠶᠢᠵᠠ ᠨᠥᠬᠦᠳ ᠲᠠᠢ ᠪᠠᠨ ᠬᠠᠮᠳᠤ ᠬᠦᠴᠦ ᠪᠠᠨ ᠬᠠᠮᠲᠤᠳᠬᠠᠨ ᠬᠦᠨᠳᠦ ᠪᠣᠳᠠᠰ ᠢ ᠡᠷᠭᠦᠵᠦ ᠪᠠᠶᠢᠨ᠎ᠠ᠃ ᠤᠯᠠᠨ ᠤ ᠬᠠᠮᠲᠤ ᠶᠢᠨ ᠴᠢᠷᠮᠠᠶᠢᠯᠭ᠎ᠠ ᠪᠠᠷ᠂ ᠠᠭᠤᠳᠠᠮ ᠲᠠᠯᠠᠪᠠᠢ ᠶᠢᠨ ᠬᠠᠭᠤᠴᠢᠨ ᠳᠦᠷᠰᠦ ᠪᠠᠶᠢᠳᠠᠯ ᠰᠢᠨ᠎ᠡ ᠳᠦᠷᠰᠦ ᠪᠠᠶᠢᠳᠠᠯ ᠲᠠᠢ ᠪᠣᠯᠵᠤ᠂ ᠲᠣᠰᠬᠤᠨ ᠤ ᠠᠷᠠᠳ ᠮᠠᠭᠲᠠᠨ ᠰᠠᠶᠢᠰᠢᠶᠠᠪᠠ᠃    ᠲᠣᠰ ᠤᠳᠠᠭᠠᠨ ᠤ ᠠᠵᠢᠯᠯᠠᠭ᠎ᠠ ᠨᠢ ᠲᠣᠰᠬᠤᠨ ᠤ ᠣᠷᠴᠢᠨ ᠲᠣᠭᠤᠷᠢᠨ ᠢ ᠨᠠᠩ ᠴᠡᠪᠡᠷ ᠴᠡᠮᠴᠡᠭᠡᠷ ᠪᠣᠯᠭᠠᠭᠰᠠᠨ ᠢᠶᠠᠷ ᠪᠠᠷᠠᠬᠤ ᠥᠬᠡᠶ ᠪᠠᠰᠠ ᠨᠠᠮ ᠤᠨ ᠭᠡᠰᠢᠭᠦᠨ ᠪᠣᠯᠤᠨ ᠣᠯᠠᠨ ᠲᠦᠮᠡᠨ ᠤ ᠵᠠᠶ ᠶᠢ ᠣᠶᠢᠷᠠᠲᠤᠭᠤᠯᠵᠤ᠂ ᠨᠢᠭᠲᠠᠷᠠᠯ ᠤᠨ ᠬᠦᠴᠦᠨ ᠢ ᠴᠢᠩᠭᠠᠷᠠᠭᠤᠯᠤᠭᠰᠠᠨ ᠪᠠᠶᠢᠨ᠎ᠠ᠃ ᠯᠦ ᠵᠢᠶᠠ ᠼᠦᠨ ᠲᠣᠰᠬᠤᠨ ᠴᠤ ᠦᠷᠭᠦᠯᠵᠢᠯᠡᠨ ᠯᠸᠢ ᠹᠧᠩ ᠤᠨ ᠵᠣᠷᠢᠭ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠡᠶ᠎ᠡ ᠵᠣᠬᠢᠴᠠᠩᠭᠤᠶ ᠨᠡᠶᠢᠭᠡᠮ ᠤᠨ ᠪᠥᠲᠥᠭᠡᠨ ᠪᠠᠶᠢᠭᠤᠯᠤᠯᠲᠠ ᠳᠤ ᠢᠳᠡᠪᠬᠢᠲᠡᠶ ᠣᠷᠣᠯᠴᠠᠬᠤ ᠪᠣᠯᠤᠨ᠎ᠠ᠃             ᠵᠣᠬᠢᠶᠠᠭᠴᠢ᠄ ᠯᠢᠶᠠᠩ ᠸᠧᠨ ᠯᠦᠩ             ᠤᠷᠴᠢᠭᠤᠯᠤᠭᠴᠢ᠄ ᠬᠦᠰᠡᠯ             ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠣᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2