3 ᠰᠠᠷ᠎ᠠ ᠶᠢᠨ 3 ᠤ ᠡᠳᠦᠷ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠯᠢᠶᠠᠩ ᠬᠤᠲᠠ ᠶᠢᠨ ᠲᠠᠪᠤᠳᠤᠭᠠᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠤᠴᠢᠨ ᠨᠠᠢᠮᠠᠳᠤᠭᠠᠷ ᠤᠳᠠᠭᠠᠨ ᠤ | ᠡᠷᠬᠢᠯᠡᠭᠴᠢ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠬᠤᠲᠠ ᠶᠢᠨ ᠲᠠᠪᠤᠳᠤᠭᠠᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠨ ᠨᠢᠭᠡᠳᠦᠭᠡᠷ ᠤᠳᠠᠭᠠᠨ ᠤ ᠬᠤᠷᠠᠯ ᠢ | 3 ᠰᠠᠷ᠎ᠠ ᠶᠢᠨ 12 ᠤᠨ ᠡᠳᠦᠷ ᠵᠢᠨᠢᠩ ᠳᠤ ᠬᠤᠷᠠᠯᠳᠤᠭᠤᠯᠬᠤ ᠪᠠᠷ ᠲᠣᠭᠲᠠᠪᠠ᠃ | ᠬᠤᠷᠠᠯ ᠠᠴᠠ ᠬᠤᠲᠠ ᠶᠢᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠨ ᠨᠢᠭᠡᠳᠦᠭᠡᠷ ᠬᠤᠷᠠᠯ ᠤᠨ ᠰᠠᠨᠠᠭᠤᠯᠭ᠎ᠠ ᠶᠢᠨ ᠵᠥᠪᠯᠡᠬᠦ ᠵᠦᠢᠯ ᠢ | ᠪᠠᠲᠤᠯᠠᠪᠠ᠄ ᠬᠤᠲᠠ ᠶᠢᠨ ᠠᠷᠠᠳ ᠤᠨ ᠵᠠᠰᠠᠭ ᠤᠨ ᠣᠷᠳᠣᠨ ᠤ 2024 ᠣᠨ ᠤ ᠬᠠᠤᠯᠢᠵᠢᠯ ᠤᠨ ᠵᠠᠰᠠᠭ ᠤᠨ | ᠣᠷᠳᠣᠨ ᠤ ᠪᠠᠶᠢᠭᠤᠯᠤᠯᠲᠠ ᠶᠢᠨ ᠪᠠᠶᠢᠳᠠᠯ ᠤᠨ ᠲᠤᠬᠠᠶ ᠮᠡᠳᠡᠭᠦᠯᠦᠯᠲᠡ ᠶᠢ ᠰᠣᠨᠣᠰᠴᠤ ᠬᠢᠨᠠᠨ ᠵᠥᠪᠯᠡᠨ᠎ᠡ︔ | ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠤᠲᠠ ᠶᠢᠨ ᠲᠣᠰ ᠱᠠᠲᠤᠨ ᠤ ᠲᠥᠰᠦᠪ ᠢ ᠬᠡᠷᠡᠭᠵᠢᠭᠦᠯᠦᠭᠰᠡᠨ | ᠪᠠ ᠪᠤᠰᠤᠳ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢ 2024 ᠣᠨ ᠤ ᠬᠢᠨᠠᠨ ᠪᠤᠳᠤᠯᠲᠠ ᠪᠠᠷ ᠪᠠᠶᠢᠴᠠᠭᠠᠨ | ᠭᠠᠷᠭᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠤᠨ ᠲᠤᠬᠠᠶ ᠮᠡᠳᠡᠭᠦᠯᠦᠯᠲᠡ ᠶᠢ ᠰᠣᠨᠣᠰᠴᠤ | ᠬᠢᠨᠠᠨ ᠶᠠᠷᠢᠯᠴᠠᠬᠤ ᠶᠢᠨ ᠬᠠᠮᠲᠤ ᠬᠠᠨᠤᠮᠵᠢ ᠶᠢᠨ ᠬᠡᠮᠵᠢᠶ᠎ᠡ ᠶᠢ ᠰᠢᠯᠭᠠᠨ ᠦᠨᠡᠯᠡᠨ᠎ᠡ︔ 2024 ᠣᠨ ᠤ | ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠳᠡᠩᠰᠡᠯᠡᠵᠦ ᠬᠢᠨᠠᠨ ᠪᠠᠶᠢᠴᠠᠭᠠᠭᠰᠠᠨ ᠠᠵᠢᠯ ᠤᠨ ᠪᠠᠶᠢᠳᠠᠯ ᠤᠨ | ᠲᠤᠬᠠᠶ ᠮᠡᠳᠡᠭᠦᠯᠦᠯᠲᠡ ᠶᠢ ᠰᠣᠨᠣᠰᠴᠤ ᠬᠢᠨᠠᠨ ᠵᠥᠪᠯᠡᠨ᠎ᠡ︔ ︽ᠤᠯᠠᠭᠠᠨᠴᠠᠪ ᠬᠤᠲᠠ ᠶᠢᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ 2025 ᠣᠨ ᠤ ᠠᠵᠢᠯ ᠤᠨ ᠭᠤᠤᠯᠳᠠᠯᠭ᠎ᠠ | ︵ᠲᠥᠰᠦᠯ︶︾ ᠢ ᠬᠢᠨᠠᠨ ᠵᠥᠪᠯᠡᠨ᠎ᠡ︔ ᠲᠤᠰᠢᠶᠠᠯ ᠳᠤ ᠲᠣᠮᠢᠯᠠᠵᠤ ᠪᠠᠭᠤᠯᠭᠠᠨ᠎ᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ | ᠣᠷᠴᠢᠭᠤᠯᠤᠭᠴᠢ᠄ ᠭᠤᠸ᠎ᠠ | ᠬᠢᠨᠠᠭᠴᠢ᠄ ᠠᠷᠢᠭᠤᠨ |