ᠪᠦᠬᠦ ᠬᠤᠲᠠ ᠶᠢᠨ ᠤᠬᠠᠭᠤᠯᠬᠤ ᠬᠡᠯᠲᠡᠰ ᠤᠨ ᠳᠠᠷᠤᠭ᠎ᠠ ᠨᠠᠷ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/3/7
    3 ᠰᠠᠷ᠎ᠠ ᠶᠢᠨ 5 ᠤ ᠡᠳᠦᠷ᠂ ᠪᠥᠬᠦ ᠬᠤᠲᠠ ᠶᠢᠨ ᠤᠬᠠᠭᠤᠯᠬᠤ ᠬᠡᠯᠲᠡᠰ ᠤᠨ ᠳᠠᠷᠤᠭ᠎ᠠ ᠨᠠᠷ ᠤᠨ ᠬᠤᠷᠠᠯ ᠵᠢᠨᠢᠩ ᠳᠤ ᠬᠤᠷᠠᠯᠳᠤᠵᠤ᠂ 2024 ᠣᠨ ᠤ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠢ ᠡᠷᠭᠢᠴᠡᠭᠦᠯᠦᠨ ᠳ᠋ᠦᠩᠨᠡᠵᠦ᠂ ᠡᠨᠡ ᠵᠢᠯ ᠤᠨ ᠭᠤᠤᠯᠳᠠᠯᠭ᠎ᠠ ᠲᠠᠢ ᠡᠭᠦᠷᠭᠡ ᠶᠢ ᠰᠤᠳᠤᠯᠤᠨ ᠪᠠᠶᠢᠷᠢᠯᠠᠭᠤᠯᠪᠠ᠃     ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠯᠢ ᠵᠢᠶᠠᠨ ᠵᠢᠶᠦ᠋ᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃     ᠬᠤᠷᠠᠯ ᠠᠴᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠰᠢᠨ᠎ᠡ ᠶᠢ ᠡᠭᠦᠳᠬᠦ ᠤᠨᠤᠯ ᠢᠶᠠᠷ ᠪᠦᠬᠦ ᠨᠠᠮ ᠢ ᠵᠡᠪᠰᠡᠭᠯᠡᠬᠦ᠂ ᠠᠷᠠᠳ ᠲᠦᠮᠡᠨ ᠢ ᠰᠤᠷᠭᠠᠨ ᠬᠥᠮᠦᠵᠢᠭᠦᠯᠬᠦ ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ ᠶᠢ ᠪᠦᠬᠦ ᠲᠠᠯ᠎ᠠ ᠪᠠᠷ  ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠭᠤᠣᠯ ᠰᠢᠵᠢᠮ ᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠰᠣᠶᠣᠯ ᠤᠨ ᠪᠠᠶᠢᠭᠤᠯᠤᠮᠵᠢ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠢ ᠠᠬᠢᠭᠤᠯᠵᠤ᠂ ᠤᠮᠠᠷᠠᠲᠤ ᠬᠢᠯᠢ ᠶᠢᠨ ᠰᠣᠶᠣᠯ ᠤᠨ ᠲᠦᠷᠦᠯ ᠲᠡᠮᠳᠡᠭ ᠢ ᠪᠦᠬᠦ ᠬᠦᠴᠦᠨ ᠢᠶᠠᠷ ᠢᠶᠠᠨ ᠡᠭᠦᠳᠴᠦ᠂ ᠭᠤᠣᠯ ᠤᠷᠤᠰᠬᠠᠯ ᠤᠨ ᠦᠷᠳᠡᠭ᠂ ᠭᠤᠣᠯ ᠤᠷᠤᠰᠬᠠᠯ ᠤᠨ ᠶᠠᠷᠢᠶ᠎ᠠ ᠬᠡᠯᠡᠯᠴᠡᠭᠡ᠂ ᠭᠤᠣᠯ ᠤᠷᠤᠰᠬᠠᠯ ᠤᠨ ᠰᠣᠶᠣᠯ ᠢ ᠦᠷᠭᠦᠯᠵᠢᠯᠡᠨ ᠬᠥᠭᠵᠢᠭᠦᠯᠦᠨ ᠪᠤᠵᠠᠭᠠᠶᠢᠷᠠᠭᠤᠯᠵᠤ᠂ ︽ᠵᠢᠷᠭᠤᠭᠠᠨ ᠠᠵᠢᠯᠯᠠᠭ᠎ᠠ︾ ᠶᠢ ᠪᠦᠬᠦ ᠲᠠᠯ᠎ᠠ ᠪᠠᠷ ᠳᠡᠮᠵᠢᠵᠦ᠂ ᠤᠯᠠᠭᠠᠨᠴᠠᠪ ᠣᠷᠣᠨ ᠤ ᠲᠦᠷᠢ ᠲᠥᠷᠬᠦ ᠶᠢᠨ ᠨᠥᠯᠥᠭᠡᠯᠡᠬᠦ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ︽ᠨᠢᠭᠡ ᠭᠤᠣᠯ ᠰᠢᠵᠢᠮ ᠢ  ᠲᠤᠭᠤᠰᠢᠯᠠᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ᠮᠣᠩᠭᠤᠯ ᠮᠤᠷᠢᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠰᠢᠨ᠎ᠡ ᠵᠠᠮ ᠢᠶᠠᠷ ᠤᠷᠤᠭᠰᠢᠯᠠᠵᠤ ᠳᠤᠮᠳᠠ ᠤᠷᠤᠰᠬᠠᠯ ᠳᠤ ᠣᠷᠣᠬᠤ︾ ᠨᠡᠩ ᠶᠡᠭᠡ ᠠᠬᠢᠴᠠ ᠲᠠᠢ ᠪᠣᠯᠬᠤ ᠳᠤ ᠪᠠᠲᠤ ᠴᠢᠩᠭ᠎ᠠ ᠦᠵᠡᠯ ᠰᠠᠨᠠᠭᠠᠨ ᠤ ᠪᠠᠲᠤᠯᠠᠭ᠎ᠠ᠂ ᠬᠦᠴᠦᠷᠬᠡᠭ ᠶᠡᠭᠡ ᠤᠶᠤᠨ ᠰᠠᠨᠠᠭᠠᠨ ᠤ ᠬᠦᠴᠦᠨ᠂ ᠠᠰᠢᠭᠲᠠᠢ ᠰᠣᠶᠣᠯ ᠤᠨ ᠨᠥᠬᠦᠴᠡᠯ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃                                              ᠣᠷᠴᠢᠭᠤᠯᠤᠭᠴᠢ᠄ ᠭᠤᠸ᠎ᠠ                                              ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2