ᠵᠢᠨᠢᠩ ᠲᠣᠭᠤᠷᠢᠭ 2025 ᠣᠨ ᠤ ᠨᠢᠭᠡᠳᠦᠭᠡᠷ ᠤᠯᠠᠷᠢᠯ ᠤᠨ ᠠᠵᠤ ᠠᠬᠤᠶ ᠶᠢᠨ ᠠᠵᠢᠯᠯᠠᠭᠠᠨ ᠤ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/3/7
         3 ᠰᠠᠷ᠎ᠠ ᠶᠢᠨ 4 ᠤ ᠡᠳᠦᠷ ᠤᠨ ᠦᠳᠡ ᠶᠢᠨ ᠡᠮᠦᠨ᠎ᠡ᠂ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠺᠠᠩ ᠬᠠᠶ ᠷᠦᠢ 2025 ᠣᠨ ᠤ ᠨᠢᠭᠡᠳᠦᠭᠡᠷ ᠤᠯᠠᠷᠢᠯ ᠤᠨ ᠠᠵᠤ ᠠᠬᠤᠶ ᠶᠢᠨ ᠠᠵᠢᠯᠯᠠᠭᠠᠨ ᠤ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠣᠷᠣᠰᠢᠵᠤ ᠪᠠᠶᠢᠭ᠎ᠠ ᠠᠰᠠᠭᠤᠳᠠᠯ ᠢ ᠵᠠᠳᠠᠯᠵᠤ᠂ ᠲᠠᠷᠠᠭᠠᠴᠢ ᠶᠢᠨ ᠠᠯᠬᠤᠮ ᠤᠨ ᠭᠤᠤᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃    ᠬᠤᠷᠠᠯ ᠠᠴᠠ᠂ ᠨᠢᠭᠡᠳᠦᠭᠡᠷ ᠤᠯᠠᠷᠢᠯ ᠪᠣᠯ ᠪᠦᠬᠦ ᠵᠢᠯ ᠤᠨ ᠠᠵᠤ ᠠᠬᠤᠢ ᠶᠢᠨ ︽ᠬᠠᠨᠳᠤᠰᠢ ᠶᠢᠨ ᠲᠡᠮᠳᠡᠭ︾ ᠮᠥᠨ᠂ ᠣᠨ ᠤ ᠬᠠᠷᠠᠯᠲᠠ ᠡᠭᠦᠷᠭᠡ ᠶᠢ ᠪᠡᠶᠡᠯᠡᠭᠦᠯᠬᠦ ᠶᠢᠨ ᠰᠠᠭᠤᠷᠢ ᠮᠥᠨ᠃ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠢᠲᠡᠭᠡᠯ ᠵᠣᠷᠢᠭ ᠢᠶᠠᠨ ᠪᠠᠲᠤᠳᠬᠠᠵᠤ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠨᠡᠩ ᠶᠡᠭᠡ ᠡᠷᠡᠰ ᠵᠣᠷᠢᠭ᠂ ᠨᠡᠩ ᠪᠣᠳᠠᠲᠠᠢ ᠠᠷᠭ᠎ᠠ ᠬᠡᠮᠵᠢᠶ᠎ᠡ ᠪᠠᠷ ᠠᠵᠤ ᠠᠬᠤᠢ ᠶᠢᠨ ᠠᠵᠢᠯᠯᠠᠭᠠᠨ ᠤ ᠡᠯ᠎ᠡ ᠵᠦᠢᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠠᠩᠬᠠᠨ ᠤ ᠤᠯᠠᠷᠢᠯ ᠤᠨ ︽ᠰᠠᠶᠢᠨ ᠡᠬᠢᠯᠡᠯᠲᠡ︾ ᠶᠢ ᠪᠠᠲᠤᠯᠠᠬᠤ ᠬᠡᠷᠡᠭᠲᠡᠢ᠃ ᠬᠠᠷᠠᠯᠲᠠ ᠪᠠᠨ ᠲᠣᠭᠲᠠᠭᠠᠵᠤ᠂ ᠠᠷᠭ᠎ᠠ ᠬᠡᠮᠵᠢᠶ᠎ᠡ ᠪᠠᠨ ᠴᠢᠩᠭᠠᠳᠬᠠᠵᠤ᠂ ᠭᠤᠣᠯᠳᠠᠯᠭ᠎ᠠ ᠲᠠᠢ ᠠᠵᠤ ᠦᠢᠯᠡᠰ ᠤᠨ ᠬᠦᠷᠢᠶᠡᠨ ᠤ ᠲᠣᠭᠤᠷᠢᠨ ᠳᠤ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠢ ᠰᠠᠶᠢᠲᠤᠷ ᠠᠳᠬᠤᠵᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯ ᠤᠨ ᠶᠠᠰᠤ ᠴᠢᠨᠠᠷ ᠦᠷ᠎ᠡ ᠠᠰᠢᠭ ᠢ ᠦᠷᠭᠦᠯᠵᠢᠯᠡᠨ ᠳᠡᠭᠡᠭᠰᠢᠯᠡᠭᠦᠯᠵᠦ᠂ ᠵᠢᠨᠢᠩ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ᠃ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠵᠤ᠂ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠶᠢ ᠯᠠᠪᠳᠠᠭᠤᠨ ᠪᠠᠲᠤᠲᠠᠢ ᠠᠬᠢᠭᠤᠯᠵᠤ᠂ ᠲᠦᠷᠦᠯ ᠵᠦᠢᠯ ᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ᠂ ᠠᠵᠤ ᠠᠬᠤᠶᠢᠯᠠᠯ ᠢ ᠬᠥᠭᠵᠢᠭᠦᠯᠦᠨ ᠪᠤᠵᠠᠭᠠᠶᠢᠷᠠᠭᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ᠬᠠᠪᠤᠷ ᠤᠨ ᠤᠯᠠᠷᠢᠯ ᠤᠨ ᠬᠡᠷᠡᠭᠯᠡᠭᠡᠨ ᠤ ᠬᠥᠭᠵᠢᠶᠡᠨᠲᠡᠢ ᠤᠯᠠᠷᠢᠯ ᠢ ᠠᠮᠵᠢᠵᠤ᠂ ᠤᠨᠢᠨ ᠳᠡᠭᠡᠷ᠎ᠡ ᠨᠢ ᠠᠷᠭ᠎ᠠ ᠪᠤᠳᠤᠯᠭ᠎ᠠ ᠬᠡᠷᠡᠭᠵᠢᠭᠦᠯᠵᠦ᠂ ᠵᠣᠬᠢᠴᠠᠭᠤᠯᠤᠨ ᠬᠦᠴᠦᠯᠡᠵᠦ᠂ ᠬᠡᠷᠡᠭᠯᠡᠭᠡᠨ ᠤ ᠵᠦᠢᠯ ᠤᠨ ︽ᠬᠠᠭᠤᠴᠢᠨ ᠢᠶᠠᠷ ᠰᠢᠨ᠎ᠡ ᠶᠢ ᠰᠣᠯᠢᠬᠤ︾ ᠵᠡᠷᠭᠡ ᠰᠢᠷᠢᠰ ᠲᠦᠷᠦ ᠶᠢᠨ ᠪᠤᠳᠤᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠬᠡᠷᠡᠭᠯᠡᠭᠡᠨ ᠤ ᠠᠮᠢᠵᠢᠷᠠᠯ ᠤᠨ ᠬᠦᠴᠦᠨ ᠢ ᠬᠦᠴᠦᠯᠡᠨ ᠬᠥᠭᠵᠢᠭᠡᠵᠦ᠂ ᠵᠠᠬ᠎ᠠ ᠳᠡᠯᠭᠡᠭᠦᠷ ᠤᠨ ᠳᠠᠯᠳᠠ ᠬᠦᠴᠦᠨ ᠢ ᠬᠥᠭᠵᠢᠭᠡᠵᠦ᠂ ᠪᠦᠬᠦ ᠵᠢᠯ ᠤᠨ ᠡᠯ᠎ᠡ ᠵᠦᠢᠯ ᠤᠨ ᠬᠠᠷᠠᠯᠲᠠ ᠡᠭᠦᠷᠭᠡ ᠶᠢ ᠪᠡᠶᠡᠯᠡᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠬᠤ ᠬᠡᠷᠡᠭᠲᠡᠢ ᠭᠡᠵᠤ ᠴᠢᠬᠤᠯᠠᠴᠢᠯᠠᠪᠠ᠃                ᠤᠷᠴᠢᠭᠤᠯᠤᠭᠴᠢ᠄ ᠬᠦᠰᠡᠯ                ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠣᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2