ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/4/1
    3 ᠰᠠᠷ᠎ᠠ ᠶᠢᠨ 28 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠵᠧᠤ ᠺᠠᠶ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃     ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠭᠦᠢᠵᠸᠦ ᠪᠣᠯᠤᠨ ᠶᠦᠨᠨᠠᠨ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠢ᠃ ᠰᠢᠨ᠎ᠡ ᠬᠠᠭᠤᠴᠢᠨ ᠬᠥᠳᠡᠯᠭᠡᠬᠦ ᠡᠨᠧᠷᠭᠢ ᠶᠢᠨ ᠰᠣᠯᠢᠭᠳᠠᠯ ᠢ ᠨᠢᠭᠡᠳᠦᠯᠲᠡᠢ ᠲᠥᠯᠥᠪᠵᠢᠭᠦᠯᠵᠦ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠰᠢᠨ᠎ᠡ ᠶᠠᠰᠤ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠵᠦ᠂ ᠤᠯᠠᠭᠠᠨᠴᠠᠪ ᠤᠨ ᠣᠨᠴᠠᠯᠢᠭ ᠪᠠ ᠳᠠᠪᠠᠭᠤᠯᠢᠭ ᠢ ᠬᠠᠷᠠᠭᠤᠯᠤᠭᠰᠠᠨ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠲᠦᠷᠭᠡᠨ ᠪᠠᠶᠢᠭᠤᠯᠬᠤ ᠬᠡᠷᠡᠭᠲᠡᠢ᠃ ᠠᠵᠤ ᠠᠬᠤᠢ ᠶᠢᠨ ᠬᠥᠭᠵᠢᠯᠲᠡ ᠪᠣᠯᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠪᠦᠳᠦᠭᠡᠨ ᠪᠠᠶᠢᠭᠤᠯᠤᠯᠲᠠ ᠶᠢᠨ ᠬᠠᠷᠢᠴᠠᠭ᠎ᠠ ᠶᠢ ᠨᠢᠭᠡᠳᠦᠯᠲᠡᠢ ᠲᠥᠯᠥᠪᠵᠢᠭᠦᠯᠵᠦ᠂ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠨᠢᠭᠡ ᠴᠤᠬᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠪᠠᠷᠢᠮᠲᠠᠯᠠᠵᠤ᠂ ᠡᠯ᠎ᠡ ᠲᠦᠷᠦᠯ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠰᠠᠭᠤᠳᠠᠯ ᠢ ᠪᠦᠬᠦ ᠲᠠᠯ᠎ᠠ ᠪᠠᠷ ᠴᠡᠭᠴᠡᠯᠡᠨ ᠰᠠᠶᠢᠵᠢᠷᠠᠭᠤᠯᠬᠤ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ︽ᠨᠡᠭᠡᠭᠡᠯᠲᠡ ᠬᠢᠬᠦ ᠪᠣᠯ ᠪᠠᠰᠠ ᠴᠤ ᠴᠢᠬᠤᠯᠠ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠮᠥᠨ︾ ᠭᠡᠬᠦ ᠣᠶᠢᠯᠠᠭᠠᠭᠳᠠᠬᠤᠨ ᠢ ᠪᠠᠲᠤ ᠪᠠᠬᠢ ᠪᠣᠶ ᠪᠣᠯᠭᠠᠵᠤ᠂ ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠬᠦ ᠬᠡᠷᠡᠭᠲᠡᠶ᠃ ᠰᠣᠶᠣᠯ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠲᠠᠢ ᠤᠶᠠᠯᠳᠤᠭᠤᠯᠤᠨ ᠨᠡᠩ ᠤᠯᠠᠨ ᠬᠢᠯᠠᠰ ᠴᠡᠭ ᠲᠠᠢ᠂ ᠦᠵᠡᠮᠦᠷᠢ ᠲᠠᠢ᠂ ᠬᠠᠯᠠᠮᠰᠢᠯ ᠲᠠᠢ ᠰᠣᠶᠣᠯ ᠵᠢᠭᠤᠯᠴᠢᠯᠠᠯ ᠤᠨ ᠠᠷᠠᠯᠵᠢᠶ᠎ᠠ ᠬᠤᠳᠠᠯᠳᠤᠭᠠᠨ ᠤ ᠠᠵᠢᠯᠯᠠᠭ᠎ᠠ ᠶᠢ ᠲᠥᠰᠦᠪᠯᠡᠨ ᠥᠷᠨᠢᠭᠦᠯᠬᠦ ᠬᠡᠷᠡᠭᠲᠡᠢ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠡᠷᠡᠭᠲᠡᠢ᠃ ᠬᠢᠯᠢ ᠬᠢᠵᠠᠭᠠᠷ ᠢ ᠬᠥᠭᠵᠢᠭᠦᠯᠦᠨ ᠠᠷᠠᠳ ᠢ ᠪᠠᠶᠠᠵᠢᠭᠤᠯᠬᠤ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠵᠤ᠂ ᠦᠨᠳᠦᠰᠦᠲᠡᠨ ᠤ ᠪᠦᠯᠬᠦᠮᠳᠡᠯ᠂ ᠬᠢᠯᠢ ᠬᠢᠵᠠᠭᠠᠷ ᠤᠨ ᠲᠣᠭᠲᠠᠭᠤᠨ ᠪᠠᠶᠢᠳᠠᠯ ᠢ ᠦᠨᠡᠨ ᠬᠦ ᠬᠠᠮᠠᠭᠠᠯᠠᠬᠤ ᠬᠡᠷᠡᠭᠲᠡᠶ᠃ ᠨᠠᠮ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠲᠥᠪ ᠤᠨ ᠨᠠᠢᠮᠠᠨ ᠵᠣᠷᠪᠤᠰ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ  ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠨᠠᠷᠢᠨ ᠨᠢᠮᠪᠠᠢ ᠵᠣᠬᠢᠶᠠᠨ ᠪᠠᠶᠢᠭᠤᠯᠤᠨ ᠥᠷᠨᠢᠭᠦᠯᠵᠦ᠂ ᠨᠠᠮ ᠤᠨ ᠭᠡᠰᠢᠭᠦᠨ ᠺᠠᠳ᠋ᠷᠴᠤᠳ ᠤᠨ ᠤᠬᠠᠮᠰᠠᠷ ᠠᠴᠠ ᠪᠠᠨ ᠲᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠵᠤ᠂ ᠵᠣᠷᠢᠭᠲᠠᠢ ᠪᠠᠷ ᠠᠵᠢᠯ ᠬᠢᠵᠦ ᠦᠢᠯᠡᠰ ᠪᠤᠰᠬᠠᠬᠤ ᠶᠢ ᠬᠥᠮᠦᠵᠢᠭᠦᠯᠦᠨ ᠬᠦᠳᠦᠯᠦᠨ ᠵᠢᠯᠣᠭᠤᠳᠬᠤ ᠬᠡᠷᠡᠭᠲᠡᠢ ᠭᠡᠵᠦ ᠴᠢᠬᠤᠯᠠᠴᠢᠯᠠᠪᠠ᠃     ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃                                                ᠣᠷᠴᠢᠭᠤᠯᠤᠭᠴᠢ᠄ ᠭᠤᠸ᠎ᠠ                                                ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2