ᠬᠤᠲᠠ ᠶᠢᠨ ᠠᠶᠤᠯᠭᠦᠶ ᠦᠢᠯᠡᠳᠪᠦᠷᠢᠯᠡᠯ ᠤᠨ ᠵᠥᠪᠯᠡᠯ ᠤᠨ ᠪᠥᠬᠦᠳᠡ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/4/10
   4 ᠰᠠᠷ᠎ᠠ ᠶᠢᠨ 7 ᠤ ᠡᠳᠦᠷ᠂ ᠬᠤᠲᠠ ᠶᠢᠨ ᠠᠶᠤᠯᠭᠦᠶ ᠦᠢᠯᠡᠳᠪᠦᠷᠢᠯᠡᠯ ᠤᠨ ᠵᠥᠪᠯᠡᠯ ᠤᠨ ᠪᠥᠬᠦᠳᠡ ᠬᠤᠷᠠᠯ ᠬᠤᠷᠠᠯᠳᠤᠵᠤ᠂ ᠶᠡᠷᠦᠩᠬᠡᠶ ᠱᠦᠵᠢ ᠰᠢ ᠶᠢᠨ ᠫᠢᠩ ᠤᠨ ᠠᠶᠤᠯᠭᠦᠶ ᠦᠢᠯᠡᠳᠪᠦᠷᠢᠯᠡᠯ ᠤᠨ ᠲᠤᠬᠠᠶ ᠴᠢᠬᠤᠯᠠ ᠥᠭᠦᠯᠡᠯᠲᠡ᠂ ᠢᠳᠡᠭᠡᠨ ᠤ ᠠᠮᠤᠷ ᠲᠦᠪᠰᠢᠨ ᠤ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠠᠶᠤᠯᠭᠦᠶ ᠦᠢᠯᠡᠳᠪᠦᠷᠢᠯᠡᠯ ᠤᠨ ᠪᠠᠶᠢᠳᠠᠯ ᠢ ᠵᠠᠳᠠᠯᠵᠤ᠂ ᠲᠠᠷᠠᠭᠠᠴᠢ ᠶᠢᠨ ᠠᠯᠬᠤᠮ ᠤᠨ ᠠᠶᠤᠯᠭᠦᠶ ᠦᠢᠯᠡᠳᠪᠦᠷᠢᠯᠡᠯ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ ᠬᠤᠲᠠ ᠶᠢᠨ ᠳᠠᠷᠤᠭ᠎ᠠ ᠯᠢᠦ ᠬᠠᠶ ᠴᠢᠤᠸᠠᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃    ᠬᠤᠷᠠᠯ ᠠᠴᠠ᠂ ᠣᠳᠣᠬᠠᠨ ᠳᠤ ᠶᠠᠭ ᠪᠦᠬᠦ ᠲᠠᠯ᠎ᠠ ᠪᠠᠷ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠪᠠ ᠬᠠᠪᠤᠷ ᠤᠨ ᠤᠯᠠᠷᠢᠯ ᠤᠨ ᠭᠠᠯ ᠢ ᠰᠡᠷᠭᠡᠶᠢᠯᠡᠬᠦ ᠵᠠᠩᠭᠢᠯᠠᠭ᠎ᠠ ᠶᠢᠨ ᠬᠤᠭᠤᠴᠠᠭᠠᠨ ᠳᠤ ᠪᠠᠶᠢᠨ᠎ᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ︽ᠠᠮᠤᠷ ᠲᠦᠪᠰᠢᠨ ᠤ ᠠᠶᠤᠯ ᠲᠦᠭᠰᠢᠭᠦᠷᠢ ᠶᠢ ᠰᠡᠷᠭᠡᠶᠢᠯᠡᠵᠦ ᠡᠵᠡᠮᠳᠡᠬᠦ︾ ᠤᠢᠢᠯᠠᠭᠠᠭᠳᠠᠬᠤᠨ ᠢ ᠪᠠᠲᠤ ᠪᠤᠢ ᠪᠣᠯᠭᠠᠵᠤ᠂ ᠠᠶᠤᠯᠭᠦᠢ ᠦᠢᠯᠡᠳᠪᠦᠷᠢᠯᠡᠯ ᠤᠨ ᠡᠨᠡ ᠬᠦ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠡᠷᠡᠰ ᠪᠠᠲᠤ ᠡᠭᠦᠷᠭᠡᠯᠡᠵᠦ᠂ ︽ᠴᠠᠭ ᠢᠮᠠᠭᠲᠠ ᠰᠡᠳᠬᠢᠯ ᠠᠮᠤᠷ ᠦᠭᠡᠢ ᠪᠠᠶᠢᠬᠤ︾ ᠬᠠᠷᠢᠭᠤᠴᠠᠯᠭᠠᠲᠤ ᠰᠡᠳᠬᠢᠯᠭᠡ ᠪᠣᠯᠤᠨ ︽ᠶᠠᠪᠤᠳᠠᠯ ᠪᠦᠬᠦᠨ ᠳᠤ ᠰᠡᠳᠬᠢᠯ ᠠᠮᠤᠷ ᠪᠠᠶᠢᠬᠤ︾ ᠬᠡᠷᠡᠭᠵᠢᠭᠦᠯᠬᠦ ᠬᠦᠴᠦᠨ ᠢᠶᠠᠷ ᠠᠶᠤᠯᠭᠦᠢ ᠦᠢᠯᠡᠳᠪᠦᠷᠢᠯᠡᠯ ᠤᠨ ᠬᠤᠷᠢᠭ᠎ᠠ ᠱᠤᠭᠤᠮ ᠤᠯᠠᠭᠠᠨ ᠱᠤᠭᠤᠮ ᠢ ᠪᠠᠲᠤ ᠰᠠᠬᠢᠬᠤ ᠬᠡᠷᠡᠭᠲᠡᠢ ᠭᠡᠵᠦ ᠵᠢᠭᠠᠵᠤ ᠭᠠᠷᠭᠠᠪᠠ᠃    ᠬᠤᠷᠠᠯ ᠠᠴᠠ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠥᠴᠦᠬᠡᠨ ᠴᠦ ᠰᠤᠯᠠᠷᠠᠭᠤᠯᠤᠯ ᠦᠭᠡᠢ ᠰᠠᠶᠢᠲᠤᠷ ᠠᠳᠬᠤᠵᠤ᠂ ᠠᠶᠤᠯᠭᠦᠢ ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢ ᠯᠠᠪᠳᠠᠭᠤᠨ ᠪᠠᠲᠤᠲᠠᠢ ᠠᠬᠢᠭᠤᠯᠵᠤ᠂ ᠭᠤᠣᠯᠳᠠᠯᠭ᠎ᠠ ᠲᠠᠢ ᠬᠦᠷᠢᠶ᠎ᠡ ᠪᠣᠯᠤᠨ ᠭᠤᠣᠯᠳᠠᠯᠭ᠎ᠠ ᠲᠠᠢ ᠲᠠᠯᠠᠪᠤᠷ ᠲᠤ ᠠᠩᠬᠠᠷᠤᠯ ᠢᠶᠠᠨ ᠲᠥᠪᠯᠡᠷᠡᠭᠦᠯᠵᠦ᠂ ᠭᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠠᠷᠬᠠᠭ ᠭᠡᠮ ᠢ ᠬᠠᠲᠠᠭᠤ ᠴᠢᠩᠭ᠎ᠠ ᠵᠠᠰᠠᠬᠤ᠂ ᠠᠷᠭ᠎ᠠ ᠪᠦᠬᠦᠨ ᠢ ᠰᠦᠪᠡᠭᠴᠢᠯᠡᠨ ᠦᠨᠳᠦᠰᠦ ᠠᠴᠠ ᠨᠢ ᠵᠠᠰᠠᠬᠤ᠂ ᠴᠢᠩᠭ᠎ᠠ ᠰᠡᠳᠬᠢᠯ ᠢᠶᠠᠷ ᠡᠪᠡᠳᠴᠢᠨ ᠢ ᠵᠠᠰᠠᠬᠤ ᠶᠢ ᠡᠷᠡᠰ ᠪᠡᠶᠡᠯᠡᠭᠦᠯᠬᠦ ᠬᠡᠷᠡᠭᠲᠡᠢ᠃ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠬᠦ᠂ ᠦᠩᠭᠡᠨ ᠲᠠᠯ᠎ᠠ ᠪᠠ ᠦᠨᠳᠦᠰᠦ ᠠᠴᠠ ᠨᠢ ᠵᠠᠰᠠᠬᠤ ᠶᠢ ᠪᠠᠷᠢᠮᠲᠠᠯᠠᠵᠤ᠂ ᠲᠥᠪ ᠤᠨ ᠠᠶᠤᠯᠭᠦᠢ ᠦᠢᠯᠡᠳᠪᠦᠷᠢᠯᠡᠯ ᠤᠨ ᠬᠢᠨᠠᠨ ᠰᠢᠯᠭᠠᠵᠤ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠦᠨᠡᠨ ᠬᠦ ᠰᠠᠶᠢᠲᠤᠷ ᠠᠳᠬᠤᠬᠤ ᠬᠡᠷᠡᠭᠲᠡᠢ᠃ ᠬᠤᠷᠢᠭ᠎ᠠ ᠱᠤᠭᠤᠮ ᠤᠨ ᠰᠡᠳᠬᠢᠬᠦᠢ ᠶᠢ ᠪᠠᠲᠤ ᠪᠤᠢ ᠪᠣᠯᠭᠠᠵᠤ᠂ ︽ᠲᠦᠷᠪᠡᠨ ᠬᠠᠮᠤᠭ ᠤᠨ ᠴᠢᠩᠭ᠎ᠠ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠢᠳᠡᠭᠡᠨ ᠪᠠ ᠡᠮ ᠤᠨ ᠵᠦᠢᠯᠡᠰ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠪᠦᠬᠦ ᠲᠠᠯ᠎ᠠ ᠪᠠᠷ ᠴᠢᠩᠭᠠᠳᠬᠠᠬᠤ ᠬᠡᠷᠡᠭᠲᠡᠢ᠃ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠲᠦᠷᠢᠮ ᠤᠨ ᠬᠡᠷᠡᠭᠵᠢᠭᠦᠯᠦᠯᠲᠡ ᠶᠢ ᠴᠢᠩᠭᠠᠳᠬᠠᠵᠤ᠂ ᠠᠵᠢᠯ ᠤᠨ ᠰᠤᠷᠲᠠᠯ ᠢᠶᠠᠨ ᠰᠠᠶᠢᠵᠢᠷᠠᠭᠤᠯᠵᠤ᠂ ᠬᠥᠭᠵᠢᠯᠲᠡ ᠪᠠ ᠠᠮᠤᠷ ᠲᠦᠪᠰᠢᠨ ᠢ ᠨᠠᠩ ᠰᠠᠶᠢᠲᠤᠷ ᠨᠢᠭᠡᠳᠦᠯᠲᠡᠶ ᠲᠥᠯᠥᠪᠵᠢᠭᠦᠯᠵᠦ᠂ ᠪᠥᠬᠦ ᠬᠤᠲᠠ ᠶᠢᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠠᠮᠤᠷ ᠲᠦᠪᠰᠢᠨ ᠲᠣᠭᠲᠠᠭᠤᠨ ᠣᠷᠴᠢᠨ ᠲᠣᠭᠤᠷᠢᠨ ᠢ ᠪᠣᠶ ᠪᠣᠯᠭᠠᠬᠤ ᠬᠡᠷᠡᠭᠲᠡᠶ ᠭᠡᠵᠦ ᠴᠢᠬᠤᠯᠠᠴᠢᠯᠠᠪᠠ᠃    ᠬᠤᠷᠠᠯ ᠢ ᠸᠢᠳᠢᠣ᠋ ᠬᠤᠷᠠᠯ ᠤᠨ ᠬᠡᠯᠪᠡᠷᠢ ᠪᠠᠷ ᠬᠤᠷᠠᠯᠳᠤᠭᠤᠯᠪᠠ᠃                                        ᠣᠷᠴᠢᠭᠤᠯᠤᠭᠴᠢ᠄ ᠭᠤᠸ᠎ᠠ                                        ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2