| | ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠶᠢ ᠭᠦᠨᠵᠡᠭᠡᠶ ᠠᠬᠢᠭᠤᠯᠵᠤ᠂ ᠪᠥᠬᠦ ᠣᠷᠣᠨ ᠤ ᠴᠡᠷᠢᠭ ᠤᠨ | ᠠᠯᠪᠠ ᠠᠴᠠ ᠬᠠᠯᠠᠭᠳᠠᠭᠰᠠᠳ ᠤᠨ ᠠᠵᠢᠯ ᠤᠯᠬᠤ ᠠᠷᠭ᠎ᠠ ᠵᠠᠮ ᠢ ᠤᠯᠠᠮ ᠨᠢᠭᠡ ᠠᠯᠬᠤᠮ ᠥᠷᠭᠡᠳᠬᠡᠬᠦ ᠶᠢᠨ | ᠲᠥᠯᠥᠭᠡ᠂ 4 ᠰᠠᠷ᠎ᠠ ᠶᠢᠨ 8 ᠤ ᠡᠳᠦᠷ ᠤᠨ ᠦᠳᠡ ᠶᠢᠨ ᠬᠤᠶᠢᠨ᠎ᠠ᠂ ᠲᠣᠭᠤᠷᠢᠭ ᠤᠨ ᠴᠡᠷᠢᠭ ᠤᠨ ᠠᠯᠪᠠ ᠠᠴᠠ | ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠳ᠋ᠦᠩ ᠯᠠᠶ ᠱᠦᠨ ᠮᠢᠬᠠᠨ ᠤ ᠵᠦᠢᠯ ᠢ ᠡᠳ᠋ᠰᠢᠭᠦᠯᠬᠦ | ᠬᠢᠵᠠᠭᠠᠷᠲᠤ ᠺᠣᠮᠫᠠᠨᠢ ᠲᠠᠢ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠠᠵᠢᠯ ᠣᠯᠭᠤᠯᠲᠠ ᠶᠢ ᠠᠬᠢᠭᠤᠯᠬᠤ | ᠵᠣᠯᠭᠠᠭᠤᠯᠬᠤ ᠵᠥᠪᠳᠡᠯᠴᠡᠬᠡᠷ ᠤᠨ ᠬᠤᠷᠠᠯ ᠬᠢᠪᠠ᠃ ᠬᠤᠷᠠᠯ ᠤᠨ ᠵᠣᠷᠢᠯᠭ᠎ᠠ ᠨᠢ ᠨᠢᠭᠡᠨ ᠥᠨᠳᠥᠷ ᠪᠦᠲᠦᠮᠵᠢᠲᠡᠶ | ᠪᠥᠭᠡᠳ ᠨᠠᠷᠢᠯᠢᠭ ᠣᠨᠣᠴᠠᠲᠠᠶ ᠬᠠᠩᠭᠠᠯᠭ᠎ᠠ ᠬᠡᠷᠡᠭᠴᠡᠭᠡ ᠶᠢ ᠵᠣᠯᠭᠠᠭᠤᠯᠬᠤ ᠲᠠᠪᠴᠠᠩ ᠢ ᠪᠠᠶᠢᠭᠤᠯᠬᠤ ᠪᠠᠷ | ᠳᠠᠮᠵᠢᠭᠤᠯᠤᠨ᠂ ᠴᠡᠷᠢᠭ ᠠᠴᠠ ᠬᠠᠯᠠᠭᠳᠠᠭᠰᠠᠳ ᠢ ᠬᠠᠪᠰᠤᠷᠤᠨ ᠨᠡᠶᠢᠭᠡᠮ ᠳᠤ ᠤᠷᠤᠭᠰᠢᠲᠠᠶ ᠠᠭᠤᠰᠤᠯᠴᠠᠭᠤᠯᠵᠤ᠂ | ᠴᠢᠨᠠᠷ ᠰᠠᠶᠢᠲᠠᠶ ᠠᠵᠢᠯ ᠣᠯᠭᠤᠯᠲᠠ ᠶᠢ ᠪᠡᠶᠡᠯᠡᠭᠦᠯᠬᠦ ᠶᠢᠨ ᠲᠥᠯᠥᠭᠡ ᠶᠤᠮ᠃ | ᠵᠥᠪᠳᠡᠯᠴᠡᠬᠡᠷ ᠤᠨ ᠬᠤᠷᠠᠯ ᠳᠡᠭᠡᠷ᠎ᠡ᠂ ᠲᠣᠭᠤᠷᠢᠭ ᠤᠨ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ | ᠲᠣᠪᠴᠢᠶ᠎ᠠ ᠠᠵᠤ ᠠᠬᠤᠶᠢᠯᠠᠯ ᠪᠡᠶ᠎ᠡ ᠪᠠᠨ ᠳᠠᠭᠠᠭᠠᠵᠤ ᠠᠵᠢᠯ ᠣᠯᠬᠤ ᠴᠡᠷᠢᠭ ᠠᠴᠠ ᠬᠠᠯᠠᠭᠳᠠᠭᠰᠠᠳ ᠢ ᠡᠯᠰᠡᠬᠦ | ᠭᠠᠶᠢᠯᠢ ᠲᠠᠲᠠᠪᠤᠷᠢ ᠶᠢ ᠬᠠᠰᠤᠵᠤ ᠬᠡᠯᠲᠦᠷᠢᠭᠦᠯᠬᠦ ᠵᠡᠷᠭᠡ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠳᠠᠶᠢᠯᠪᠤᠷᠢᠯᠡᠵᠤ | ᠦᠭᠪᠡ᠃ ᠡᠭᠦᠨ ᠤ ᠬᠠᠮᠲᠤ ᠠᠵᠤ ᠠᠬᠤᠶᠢᠯᠠᠯ ᠤᠨ ᠬᠠᠷᠢᠭᠤᠴᠠᠯᠭᠠᠲᠠᠨ ᠠᠵᠤ ᠠᠬᠤᠶᠢᠯᠠᠯ ᠤᠨ ᠦᠨᠳᠦᠰᠦᠨ | ᠪᠠᠶᠢᠳᠠᠯ᠂ ᠠᠵᠢᠯ ᠤᠨ ᠪᠠᠶᠢᠷᠢ ᠶᠢᠨ ᠪᠠᠶᠢᠷᠢᠯᠠᠭᠤᠯᠤᠯᠲᠠ ᠵᠢᠴᠢ ᠠᠰᠠᠷᠠᠮᠵᠢ ᠶᠢᠨ ᠬᠠᠷᠠᠭᠠᠯᠵᠠᠯ ᠵᠡᠷᠭᠡ ᠠᠭᠤᠯᠭ᠎ᠠ ᠶᠢ | ᠲᠠᠨᠢᠯᠴᠠᠭᠤᠯᠵᠤ᠂ ᠦᠷᠭᠦᠯᠵᠢᠯᠡᠨ ᠭᠦᠨᠵᠡᠭᠡᠶ ᠬᠠᠮᠲᠤᠷᠠᠯᠴᠠᠭ᠎ᠠ ᠥᠷᠨᠢᠭᠦᠯᠬᠦ᠂ ᠴᠡᠷᠢᠭ ᠠᠴᠠ ᠬᠠᠯᠠᠭᠳᠠᠭᠰᠠᠳ ᠤᠨ | ᠠᠵᠢᠯ ᠤᠯᠬᠤ ᠠᠷᠭ᠎ᠠ ᠵᠠᠮ ᠢ ᠦᠨᠡᠨ ᠬᠦ ᠥᠷᠭᠡᠳᠬᠡᠬᠦ ᠳᠤ ᠰᠠᠭᠤᠷᠢ ᠲᠠᠯᠪᠢᠵᠤ ᠥᠭᠴᠡᠶ᠃ | ᠲᠠᠷᠠᠭᠠᠴᠢ ᠶᠢᠨ ᠠᠯᠬᠤᠮ ᠳᠤ᠂ ᠵᠢᠨᠢᠩ ᠲᠣᠭᠤᠷᠢᠭ ᠤᠨ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ | ᠲᠣᠪᠴᠢᠶ᠎ᠠ ᠦᠷᠭᠦᠯᠵᠢᠯᠡᠨ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ᠂ ᠰᠤᠷᠤᠯᠭ᠎ᠠ ᠶᠢᠨ ᠨᠠᠮᠲᠠᠷ ᠢ | ᠳᠡᠭᠡᠭᠰᠢᠯᠡᠭᠦᠯᠬᠦ᠂ ᠪᠣᠯᠪᠠᠰᠤᠷᠠᠭᠤᠯᠵᠤ ᠡᠨᠧᠷᠭᠢ ᠣᠯᠭᠤᠬᠤ᠂ ᠠᠵᠤ ᠠᠬᠤᠶᠢᠯᠠᠯ ᠢ ᠰᠤᠷᠪᠤᠯᠵᠢᠯᠠᠵᠤ ᠠᠵᠢᠯ ᠤᠨ | ᠪᠠᠶᠢᠷᠢ ᠶᠢ ᠥᠷᠭᠡᠳᠬᠡᠬᠦ ᠵᠡᠷᠭᠡ ᠬᠡᠳᠦᠨ ᠲᠠᠯ᠎ᠠ ᠶᠢᠨ ᠠᠵᠢᠯ ᠤᠨ ᠲᠣᠭᠤᠷᠢᠨ ᠳᠤ᠂ ᠴᠡᠷᠢᠭ ᠠᠴᠠ ᠬᠠᠯᠠᠭᠳᠠᠭᠰᠠᠳ ᠤᠨ | ᠴᠢᠨᠠᠷ ᠰᠠᠶᠢᠲᠠᠶ ᠭᠦᠢᠴᠡᠳ ᠠᠵᠢᠯ ᠣᠯᠭᠤᠯᠲᠠ ᠶᠢ ᠠᠬᠢᠭᠤᠯᠵᠤ᠂ ᠬᠥᠭᠦᠷᠭᠡ ᠬᠤᠯᠪᠣᠭᠠᠰᠤ ᠶᠢᠨ ᠦᠢᠯᠡᠳᠦᠯ ᠢᠶᠠᠨ | ᠪᠠᠳᠠᠷᠠᠭᠤᠯᠵᠤ᠂ ᠬᠠᠮᠲᠤᠷᠠᠯᠴᠠᠭᠠᠨ ᠤ ᠬᠦᠷᠢᠶ᠎ᠡ ᠪᠠᠨ ᠦᠷᠭᠦᠯᠵᠢᠯᠡᠨ ᠥᠷᠭᠡᠳᠬᠡᠵᠦ᠂ ᠡᠯ᠎ᠡ ᠲᠠᠯ᠎ᠠ ᠶᠢᠨ ᠳᠠᠪᠠᠭᠤᠯᠢᠭ | ᠡᠬᠢ ᠪᠠᠶᠠᠯᠢᠭ ᠢ ᠨᠡᠶᠢᠳᠬᠡᠵᠦ᠂ ᠪᠥᠬᠦ ᠲᠤᠭᠤᠷᠢᠭ ᠤᠨ ᠴᠡᠷᠢᠭ ᠠᠴᠠ ᠬᠠᠯᠠᠭᠳᠠᠭᠰᠠᠳ ᠲᠤ ᠴᠢᠨᠠᠷ ᠰᠠᠶᠢᠲᠠᠶ ᠠᠵᠢᠯ | ᠣᠯᠭᠤᠬᠤ ᠲᠠᠪᠴᠠᠩ ᠢ ᠪᠥᠬᠦ ᠬᠦᠴᠦᠨ ᠢᠶᠠᠷ ᠢᠶᠠᠨ ᠪᠠᠶᠢᠭᠤᠯᠵᠤ ᠥᠭᠭᠦᠨ᠎ᠡ᠃ | ᠤᠷᠴᠢᠭᠤᠯᠤᠭᠴᠢ᠄ ᠬᠦᠰᠡᠯ | ᠬᠢᠨᠠᠭᠴᠢ᠄ ᠠᠷᠢᠭᠤᠨ |