4 ᠰᠠᠷ᠎ᠠ ᠶᠢᠨ 8 ᠤ ᠡᠳᠦᠷ ᠠᠴᠠ 9 ᠤ ᠡᠳᠦᠷ ᠪᠣᠯᠲᠠᠯ᠎ᠠ᠂ ᠬᠤᠲᠠ ᠶᠢᠨ ᠨᠠᠮ ᠤᠨ ᠬᠤᠷᠢᠶᠠᠨ ᠤ ᠱᠦᠵᠢ ᠵᠧᠤ | ᠺᠠᠶ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠬᠤᠲᠠ ᠶᠢᠨ ᠵᠠᠰᠠᠭ ᠵᠠᠬᠢᠷᠭᠠᠨ ᠤ ᠬᠢᠨᠠᠨ | ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶᠠᠨ ᠳᠤ ᠪᠠᠶᠢᠴᠠᠭᠠᠨ ᠰᠤᠳᠤᠯᠵᠤ᠂ | ᠤᠳᠤᠷᠢᠳᠬᠤ ᠪᠠᠭ ᠤᠨ ᠪᠦᠷᠢᠯᠳᠦᠬᠦᠨ ᠲᠠᠢ ᠲᠣᠰ ᠲᠣᠰ ᠶᠠᠷᠢᠯᠴᠠᠵᠤ ᠰᠠᠨᠠᠯ ᠢᠶᠠᠨ ᠰᠣᠯᠢᠯᠴᠠᠪᠠ᠃ | ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠳᠤ᠂ ᠵᠧᠤ ᠺᠠᠶ ᠪᠥᠬᠦ ᠬᠤᠲᠠ ᠶᠢᠨ ᠲᠠᠷᠢᠶᠠᠯᠠᠩ | ᠮᠠᠯ ᠠᠵᠤ ᠠᠬᠤᠶ ᠶᠢᠨ ᠬᠥᠭᠵᠢᠯᠲᠡ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ | ᠪᠦᠲᠦᠭᠡᠯ ᠢ ᠪᠠᠬᠢᠵᠢᠭᠦᠯᠦᠨ ᠥᠷᠭᠡᠳᠬᠡᠭᠰᠡᠨ ᠵᠡᠷᠭᠡ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ | ᠪᠥᠭᠡᠳ ᠬᠦᠢᠲᠡᠨ ᠰᠡᠷᠢᠭᠦᠨ ᠢᠳᠡᠰᠢᠨ ᠨᠣᠭᠤᠭ᠎ᠠ ᠶᠢᠨ ᠠᠺᠠᠳᠧᠮᠢᠴᠢ ᠲᠤᠰᠬᠠᠶ ᠮᠡᠷᠭᠡᠵᠢᠯᠲᠡᠨ ᠤ ᠠᠵᠢᠯ ᠤᠨ | ᠥᠷᠲᠡᠭᠡ ᠳᠤ ᠭᠦᠨᠵᠡᠭᠡᠶᠢᠷᠡᠵᠦ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠦᠯᠬᠦᠮ ᠤᠨ ᠪᠠᠶᠢᠭᠤᠯᠤᠯᠲᠠ᠂ ᠢᠳᠡᠰᠢᠨ | ᠨᠣᠭᠤᠭ᠎ᠠ ᠶᠢᠨ ᠰᠠᠶᠢᠨ ᠡᠭᠦᠯᠳᠡᠷ ᠢ ᠪᠤᠶᠢᠵᠢᠭᠤᠯᠬᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ | ᠬᠤᠪᠢᠷᠠᠭᠤᠯᠬᠤ ᠵᠡᠷᠭᠡ ᠪᠠᠶᠢᠳᠠᠯ ᠢ ᠲᠤᠬᠠᠶ ᠶᠢᠨ ᠭᠠᠵᠠᠷ ᠲᠤᠨᠢ ᠣᠶᠢᠯᠠᠭᠠᠪᠠ᠃ ᠲᠡᠷᠡ᠂ ᠤᠯᠤᠰ ᠤᠨ ᠴᠢᠬᠤᠯᠠ | ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠢ ᠪᠦᠳᠦᠭᠡᠨ | ᠪᠠᠶᠢᠭᠤᠯᠬᠤ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠠᠮᠤ ᠪᠤᠳᠠᠭᠠᠨ ᠤ | ᠠᠮᠤᠷ ᠲᠦᠪᠰᠢᠨ ᠪᠣᠯᠤᠨ ᠬᠡᠪᠴᠢᠶᠡᠵᠢᠭᠰᠡᠨ ᠴᠢᠨᠠᠷᠲᠠᠢ ᠲᠠᠬᠢᠨ ᠶᠠᠳᠠᠭᠤᠷᠠᠬᠤ ᠬᠤᠷᠢᠭ᠎ᠠ ᠱᠤᠭᠤᠮ ᠢ ᠪᠠᠲᠤ ᠰᠠᠬᠢᠵᠤ᠂ | ︽ᠵᠢᠷᠭᠤᠭᠠᠨ ᠠᠵᠢᠯᠯᠠᠭ᠎ᠠ︾ ᠶᠢ ᠭᠦᠨᠵᠡᠭᠡᠢ ᠥᠷᠨᠢᠭᠦᠯᠵᠦ᠂ ᠲᠦᠬᠦᠭᠡᠷᠦᠮᠵᠢᠲᠦ ᠲᠠᠷᠢᠶᠠᠯᠠᠩ᠂ ᠬᠠᠰᠢᠶᠠᠯᠠᠨ ᠲᠡᠵᠢᠭᠡᠬᠦ | ᠪᠠ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠨᠠᠷᠢᠯᠢᠭ ᠡᠳ᠋ᠰᠢᠭᠦᠯᠬᠦ ᠶᠢ ᠲᠦᠷᠭᠡᠳᠬᠡᠨ | ᠬᠥᠭᠵᠢᠭᠦᠯᠵᠦ᠂ ᠠᠺᠠᠳᠧᠮᠢᠴᠢ ᠲᠤᠰᠬᠠᠢ ᠮᠡᠷᠭᠡᠵᠢᠯᠲᠡᠨ ᠤ ᠠᠵᠢᠯᠯᠠᠬᠤ ᠦᠷᠳᠡᠭᠡ ᠵᠡᠷᠭᠡ ᠰᠢᠨᠵᠢᠯᠡᠬᠦ ᠤᠬᠠᠭᠠᠨ ᠤ | ᠰᠤᠳᠤᠯᠭᠠᠨ ᠤ ᠲᠠᠪᠴᠠᠩ ᠢ ᠭᠦᠢᠴᠡᠳ ᠰᠠᠶᠢᠲᠤᠷ ᠠᠰᠢᠭᠯᠠᠵᠤ᠂ ᠲᠥᠮᠥᠰᠥ ᠵᠡᠷᠭᠡ ᠲᠠᠷᠢᠶᠠᠯᠠᠩ ᠮᠠᠯ ᠠᠵᠤ | ᠠᠬᠤᠢ ᠶᠢᠨ ᠭᠤᠣᠯᠯᠠᠬᠤ ᠠᠵᠤ ᠦᠢᠯᠡᠰ ᠢ ᠬᠦᠴᠦᠷᠬᠡᠭᠵᠢᠭᠦᠯᠦᠨ ᠰᠢᠯᠢᠳᠡᠭᠵᠢᠭᠦᠯᠵᠦ᠂ ᠠᠷᠭ᠎ᠠ ᠪᠦᠬᠦᠨ ᠢ | ᠰᠦᠪᠡᠭᠴᠢᠯᠡᠨ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠵᠦ᠂ ᠬᠥᠳᠡᠭᠡ ᠲᠣᠰᠬᠤᠨ ᠢ ᠪᠦᠬᠦ ᠲᠠᠯ᠎ᠠ ᠪᠠᠷ | ᠬᠥᠭᠵᠢᠭᠦᠯᠦᠨ ᠮᠠᠨᠳᠤᠭᠤᠯᠬᠤ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ ᠭᠡᠵᠦ ᠬᠡᠯᠡᠪᠡ᠃ | ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠲᠣᠪᠴᠢᠶ᠎ᠠ ᠳᠤ᠂ ᠵᠧᠤ ᠺᠠᠶ ᠦᠢᠯᠡᠴᠢᠯᠡᠭᠡᠨ ᠤ ᠵᠦᠢᠯᠡᠰ ᠤᠨ ᠭᠦᠢᠴᠡᠳᠭᠡᠬᠦ ᠶᠠᠪᠤᠴᠠ᠂ ᠭᠦᠢᠴᠡᠳᠭᠡᠬᠦ ᠴᠠᠭ ᠤᠨ | ᠬᠢᠵᠠᠭᠠᠷ ᠵᠢᠴᠢ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠬᠠᠮᠢᠶ᠎ᠠ | ᠪᠦᠬᠦᠢ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ᠂ ᠵᠧᠦ ᠺᠠᠢ᠂ ᠤᠯᠠᠨ | ᠲᠦᠮᠡᠨ ᠪᠠ ᠠᠵᠤ ᠠᠬᠤᠶᠢᠯᠠᠯ ᠳᠤ ᠰᠢᠭᠤᠳ ᠦᠢᠯᠡᠴᠢᠯᠡᠬᠦ ︽ᠴᠤᠩᠬᠤᠪᠴᠢ︾ ᠪᠣᠯᠤᠭᠰᠠᠨ ᠤ ᠬᠤᠪᠢ ᠳᠤ᠂ | ᠬᠤᠳᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠤᠪᠴᠢᠶ᠎ᠠ | ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠤᠢ ᠪᠣᠯᠭᠠᠵᠤ᠂ ᠲᠡᠷᠢᠭᠦᠨ ᠤ | ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠢ ᠪᠦᠬᠦ ᠬᠦᠴᠦᠨ ᠢᠶᠠᠷ ᠢᠶᠠᠨ ᠪᠤᠢ ᠪᠣᠯᠭᠠᠵᠤ᠂ ᠥᠨᠳᠥᠷ ᠲᠦᠪᠰᠢᠨ | ᠪᠦᠬᠦᠢ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠᠷ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ | ᠬᠦᠴᠦᠨ ᠨᠡᠮᠡᠷᠢᠯᠡᠬᠦ ᠬᠡᠷᠡᠭᠲᠡᠢ᠃ ᠠᠵᠢᠯ ᠶᠠᠪᠤᠳᠠᠯ ᠭᠦᠢᠴᠡᠳᠬᠡᠬᠦ ᠶᠠᠪᠤᠴᠠ ᠶᠢ ᠲᠠᠰᠤᠷᠠᠯᠲᠠ ᠦᠭᠡᠢ | ᠰᠢᠯᠢᠳᠡᠭᠵᠢᠭᠦᠯᠵᠦ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠬᠤᠷᠳᠤᠴᠠ ᠪᠠᠨ ᠲᠦᠷᠭᠡᠳᠬᠡᠵᠦ ᠦᠷ᠎ᠡ ᠪᠦᠲᠦᠮᠵᠢ ᠪᠠᠨ ᠳᠡᠭᠡᠭᠰᠢᠯᠡᠭᠦᠯᠬᠦ ᠶᠢ ᠦᠷᠭᠦᠯᠵᠢᠯᠡᠨ ᠠᠬᠢᠭᠤᠯᠬᠤ ᠬᠡᠷᠡᠭᠲᠡᠢ᠃ | ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠲᠥᠷᠥᠯ ᠬᠤᠪᠢᠶᠠᠨ ᠠᠷᠭ᠎ᠠ ᠪᠣᠳᠣᠯᠭ᠎ᠠ | ᠬᠡᠷᠡᠭᠵᠢᠭᠦᠯᠵᠦ᠂ ᠠᠵᠤ ᠠᠬᠤᠶᠢᠯᠠᠯ ᠢ ᠬᠠᠪᠰᠤᠷᠤᠨ ᠪᠠᠴᠢᠮᠳᠠᠯ ᠬᠦᠴᠢᠷᠳᠡᠯ ᠪᠡᠷᠬᠡᠳᠡᠯ ᠵᠣᠪᠠᠨᠢᠯ ᠢ ᠨᠢ | ᠰᠢᠢᠳᠪᠦᠷᠢᠯᠡᠵᠦ ᠥᠭᠬᠦ ᠬᠡᠷᠡᠭᠲᠡᠶ ᠭᠡᠵᠦ ᠬᠡᠯᠡᠪᠡ᠃ | ᠪᠠᠶᠢᠴᠠᠭᠠᠨ ᠰᠤᠳᠤᠯᠤᠯᠲᠠ ᠶᠢᠨ ᠳᠤᠮᠳᠠ᠂ ᠵᠧᠦ ᠺᠠᠢ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ | ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠲᠤᠬᠠᠢ ᠱᠠᠭᠠᠷᠳᠠᠯᠭ᠎ᠠ ᠳᠤᠷᠠᠳᠴᠠᠢ᠃ ᠲᠡᠷᠡ᠂ ᠨᠠᠷᠢᠨ | ᠨᠢᠮᠪᠠᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠰᠤᠷᠤᠭᠰᠠᠨ ᠢᠶᠠᠨ ᠪᠠᠶᠢᠴᠠᠭᠠᠵᠤ ᠡᠯ᠎ᠡ ᠵᠦᠢᠯ ᠤᠨ ᠠᠵᠢᠯ ᠢ | ᠪᠣᠳᠠᠲᠠᠢ ᠠᠳᠬᠤᠵᠤ᠂ ᠰᠢᠯᠢᠳᠡᠭ ᠰᠤᠷᠲᠠᠯ ᠢᠶᠠᠷ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠠᠵᠢᠯ | ᠬᠢᠵᠦ ᠦᠢᠯᠡᠰ ᠪᠤᠰᠬᠠᠬᠤ ᠬᠡᠷᠡᠭᠲᠡᠢ ᠭᠡᠵᠦ ᠬᠡᠯᠡᠪᠡ᠃ | ᠰᠦᠢ ᠵᠢᠶᠠᠨ ᠬᠤᠸᠠ ᠣᠷᠣᠯᠴᠠᠪᠠ᠃ | ᠣᠷᠴᠢᠭᠤᠯᠤᠭᠴᠢ᠄ ᠭᠤᠸ᠎ᠠ | ᠬᠢᠨᠠᠭᠴᠢ᠄ ᠠᠷᠢᠭᠤᠨ |