4 ᠰᠠᠷ᠎ᠠ ᠶᠢᠨ 11 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠱᠦᠵᠢ ᠵᠧᠦ ᠺᠠᠢ ᠬᠤᠳᠠ ᠶᠢᠨ | ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠬᠢᠯᠡᠨ ᠬᠤᠷᠠᠯᠳᠤᠭᠤᠯᠵᠤ᠂ ᠶᠡᠷᠦᠩᠬᠡᠢ ᠱᠦᠵᠢ | ᠰᠢ ᠶᠢᠨ ᠫᠢᠩ ᠤᠨ ᠤᠢᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ | ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ | ᠬᠤᠷᠠᠯ ᠠᠴᠠ 3 ᠰᠠᠷ᠎ᠠ ᠶᠢᠨ 31 ᠤ ᠡᠳᠦᠷ ᠤᠨ ᠲᠥᠪ ᠤᠨ ᠤᠯᠤᠰ ᠲᠥᠷᠥ ᠶᠢᠨ ᠲᠣᠪᠴᠢᠶᠠᠨ ᠤ | ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠠᠮᠢ ᠠᠬᠤᠶ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠬᠤ ᠠᠵᠢᠯ ᠤᠨ ᠲᠦᠷᠢᠮ︾ ᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ | ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠪᠠᠲᠤ | ᠡᠭᠦᠷᠭᠡᠯᠡᠵᠦ᠂ ᠨᠤᠲᠤᠭ ᠪᠡᠯᠴᠢᠭᠡᠷ ᠤᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠵᠢᠴᠢ ᠲᠠᠭ᠎ᠠ ᠶᠢᠨ | ᠨᠠᠭᠤᠷ᠂ ᠴᠠᠭᠠᠨᠨᠠᠭᠤᠷ ᠤᠨ ᠠᠮᠢ ᠠᠬᠤᠶ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠵᠡᠷᠭᠡ ᠭᠤᠤᠯᠳᠠᠯᠭ᠎ᠠ ᠶᠢ | ᠴᠢᠩᠭ᠎ᠠ ᠠᠩᠬᠠᠷᠴᠤ᠂ ᠲᠣᠪᠤᠶᠢᠮ᠎ᠠ ᠠᠰᠠᠭᠤᠳᠠᠯ ᠢ ᠦᠨᠡᠨ ᠬᠦ ᠴᠡᠭᠴᠡᠯᠡᠨ ᠰᠠᠶᠢᠵᠢᠷᠠᠭᠤᠯᠵᠤ ᠴᠡᠭᠴᠡᠯᠡᠨ ᠵᠠᠰᠠᠵᠤ᠂ | ᠦᠵᠡᠰᠬᠦᠯᠡᠩᠲᠦ ᠰᠠᠶᠢᠬᠠᠨ ᠤᠯᠠᠭᠠᠨᠴᠠᠪ ᠢ ᠲᠦᠷᠭᠡᠳᠬᠡᠨ ᠪᠥᠲᠥᠭᠡᠨ ᠪᠠᠶᠢᠭᠤᠯᠬᠤ ᠬᠡᠷᠡᠭᠲᠡᠶ᠃ ᠶᠡᠷᠦᠩᠬᠡᠢ ᠱᠦᠵᠢ | ᠰᠢ ᠶᠢᠨ ᠫᠢᠩ ᠤᠨ ᠲᠣᠭᠤᠷᠢᠨ ᠪᠠᠶᠢᠴᠠᠭᠠᠬᠤ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ | ᠲᠤᠭᠤᠰᠢᠯᠠᠭᠤᠯᠵᠤ᠂ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ | ᠰᠠᠶᠢᠵᠢᠷᠠᠭᠤᠯᠬᠤ ᠶᠢ ᠰᠠᠶᠢᠲᠤᠷ ᠠᠳᠬᠤᠵᠤ᠂ ᠲᠣᠭᠤᠷᠢᠨ ᠪᠠᠶᠢᠴᠠᠭᠠᠬᠤ ᠪᠠ ᠪᠤᠰᠤᠳ ᠬᠢᠨᠠᠯᠲᠠ ᠲᠠᠯᠪᠢᠬᠤ ᠶᠢ | ᠨᠡᠪᠲᠡᠷᠡᠯᠴᠡᠭᠦᠯᠦᠨ ᠵᠣᠬᠢᠴᠠᠭᠤᠯᠬᠤ ᠶᠢ ᠴᠢᠩᠭᠠᠳᠬᠠᠵᠤ᠂ ᠲᠣᠭᠤᠷᠢᠨ ᠪᠠᠶᠢᠴᠠᠭᠠᠬᠤ ᠠᠵᠢᠯ ᠤᠨ ᠴᠢᠨᠠᠷ ᠰᠠᠶᠢᠲᠠᠢ | ᠬᠥᠭᠵᠢᠯᠲᠡ ᠶᠢ ᠦᠷᠭᠦᠯᠵᠢᠯᠡᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠨᠡᠶᠢᠰᠯᠡᠯ ᠤᠨ ᠠᠯᠪᠠᠨ ᠵᠢᠷᠤᠮ ᠤᠨ ᠮᠣᠳᠣ ᠲᠠᠷᠢᠬᠤ | ᠠᠵᠢᠯᠯᠠᠭ᠎ᠠ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ | ᠣᠶᠢᠯᠠᠭᠠᠵᠤ᠂ ︽ᠭᠤᠷᠪᠠᠨ ᠨᠣᠭᠤᠭᠠᠨ︾ ᠢ ᠵᠡᠷᠭᠡᠪᠡᠷ ᠠᠳᠬᠤᠬᠤ ᠶᠢ ᠪᠠᠷᠢᠮᠲᠠᠯᠠᠵᠤ᠂ ︽ᠲᠦᠷᠪᠡᠨ ᠬᠥᠮᠥᠷᠭᠡ︾ | ᠶᠢᠨ ᠬᠤᠯᠪᠣᠭᠠᠯᠠᠨ ᠬᠥᠳᠡᠯᠦᠯᠴᠡᠬᠦ ᠶᠢ ᠠᠬᠢᠭᠤᠯᠵᠤ᠂ ᠤᠯᠤᠰ ᠤᠨ ᠭᠠᠵᠠᠷ ᠰᠢᠷᠣᠢ ᠶᠢᠨ ᠨᠣᠭᠤᠭᠠᠷᠠᠭᠤᠯᠤᠯᠲᠠ ᠶᠢ | ᠭᠦᠨᠵᠡᠭᠡᠢ ᠥᠷᠨᠢᠭᠦᠯᠵᠦ᠂ ᠠᠵᠤ ᠦᠢᠯᠡᠰ ᠤᠨ ᠠᠮᠢ ᠠᠬᠤᠶᠢᠵᠢᠯᠲᠠ᠂ ᠠᠮᠢ ᠠᠬᠤᠢ ᠶᠢᠨ ᠠᠵᠤ ᠦᠢᠯᠡᠰᠵᠢᠯᠲᠡ ᠶᠢ | ᠲᠦᠷᠭᠡᠳᠬᠡᠨ ᠠᠬᠢᠭᠤᠯᠵᠤ᠂ ᠠᠮᠢ ᠠᠬᠤᠢ ᠶᠢᠨ ᠦᠷ᠎ᠡ ᠠᠰᠢᠭ᠂ ᠠᠵᠤ ᠠᠬᠤᠢ ᠶᠢᠨ ᠦᠷ᠎ᠡ ᠠᠰᠢᠭ᠂ ᠨᠡᠶᠢᠭᠡᠮ ᠤᠨ | ᠦᠷ᠎ᠡ ᠠᠰᠢᠭ ᠢ ᠬᠠᠮᠲᠤᠪᠠᠷ ᠬᠦᠷᠳᠡᠬᠦ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ 2024 ᠣᠨ ᠤ ᠪᠦᠬᠦ ᠲᠠᠯ᠎ᠠ ᠪᠠᠷ ᠬᠠᠤᠯᠢ ᠪᠠᠷ ᠬᠤᠲᠠ ᠪᠠᠨ ᠵᠠᠰᠠᠬᠤ ᠠᠵᠢᠯ ᠤᠨ ᠪᠠᠶᠢᠳᠠᠯ᠂ | 2024 ᠣᠨ ᠤ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠪᠠᠶᠢᠳᠠᠯ ᠤᠨ ᠬᠠᠷᠢᠭᠤ | ᠮᠡᠳᠡᠭᠦᠯᠦᠯᠲᠡ ᠶᠢ ᠰᠣᠨᠣᠰᠴᠤ᠂ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ | ᠲᠤᠭᠤᠰᠢᠯᠠᠭᠤᠯᠵᠤ᠂ ᠭᠤᠣᠯᠳᠠᠯᠭ᠎ᠠ ᠲᠠᠢ ᠬᠦᠷᠢᠶᠡᠨ ᠤ ᠬᠠᠤᠯᠢ ᠲᠣᠭᠲᠠᠭᠠᠯᠲᠠ ᠶᠢ ᠴᠢᠩᠭᠠᠳᠬᠠᠵᠤ᠂ ᠬᠠᠤᠯᠢᠵᠢᠯ ᠤᠨ | ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠦᠨᠡᠨᠴᠢ ᠢᠲᠡᠭᠡᠮᠵᠢ ᠶᠢᠨ | ᠪᠠᠶᠢᠭᠤᠯᠤᠯᠲᠠ ᠶᠢ ᠴᠢᠨᠠᠭᠰᠢᠳᠠ ᠴᠢᠩᠭᠠᠳᠬᠠᠵᠤ᠂ ᠴᠢᠨᠠᠷ ᠰᠠᠶᠢᠲᠠᠢ ᠬᠥᠭᠵᠢᠯᠲᠡ ᠶᠢᠨ ᠬᠠᠤᠯᠢᠵᠢᠯ ᠤᠨ ᠰᠠᠭᠤᠷᠢ ᠶᠢ | ᠲᠠᠰᠤᠷᠠᠯᠳᠡ ᠦᠭᠡᠢ ᠪᠠᠬᠢᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠤᠢ ᠰᠢᠭᠤᠢ ᠡᠪᠡᠰᠦ ᠪᠡᠯᠴᠢᠭᠡᠷ ᠢ ᠡᠪᠳᠡᠵᠦ ᠬᠠᠤᠯᠢ ᠲᠣᠭᠲᠠᠭᠠᠯ ᠠᠴᠠ ᠵᠥᠷᠢᠴᠡᠭᠰᠡᠨ | ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠭᠦᠨᠵᠡᠭᠡᠢ ᠥᠷᠨᠢᠭᠦᠯᠵᠦ᠂ ᠡᠳᠦᠷ ᠳᠤᠳᠤᠮ ᠤᠨ | ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠶᠢ ᠴᠢᠩᠭᠠᠳᠬᠠᠵᠤ᠂ ᠠᠰᠠᠭᠤᠳᠠᠯ ᠢ ᠴᠠᠭ ᠲᠤᠬᠠᠢ ᠳᠤᠨᠢ | ᠢᠯᠡᠷᠡᠭᠦᠯᠵᠦ᠂ ᠡᠪᠳᠡᠯᠡᠭᠡ ᠶᠢᠨ ᠠᠵᠢᠯᠯᠠᠭ᠎ᠠ ᠶᠢ ᠬᠠᠤᠯᠢ ᠶᠣᠰᠣᠭᠠᠷ ᠴᠢᠩᠭ᠎ᠠ ᠰᠢᠢᠳᠬᠡᠬᠦ ᠪᠠ ᠰᠦᠷᠳᠡᠭᠦᠯᠵᠦ᠂ ᠬᠢᠯᠪᠡᠷ | ᠪᠤᠰᠤ ᠪᠠᠷ ᠣᠯᠤᠭᠰᠠᠨ ᠠᠮᠢ ᠠᠬᠤᠢ ᠶᠢᠨ ᠪᠦᠳᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠦᠨᠡᠨᠬᠦ ᠰᠠᠶᠢᠲᠤᠷ | ᠰᠠᠬᠢᠨ ᠬᠠᠮᠠᠭᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ | ᠣᠷᠴᠢᠭᠤᠯᠤᠭᠴᠢ᠄ ᠭᠤᠸ᠎ᠠ | ᠬᠢᠨᠠᠭᠴᠢ᠄ ᠠᠷᠢᠭᠤᠨ | |