【 ᠤᠮᠠᠷᠠᠲᠤ ᠬᠢᠯᠢ ᠶᠢᠨ ᠰᠣᠶᠣᠯ ᠢ ᠪᠠᠳᠠᠷᠠᠭᠤᠯᠤᠨ ᠳᠤᠮᠳᠠᠳᠤ ᠶᠢᠨ ᠰᠣᠶᠣᠯ ᠤᠨ ᠰᠤᠳᠠᠰᠤ ᠶᠢ ᠦᠷᠭᠦᠯᠵᠢᠯᠡᠭᠦᠯᠦᠶ᠎ᠡ 】 ᠯᠢᠶᠠᠩᠴᠧᠩ ᠰᠢᠶᠠᠨ᠄ ᠲᠡᠦᠬᠡ ᠶᠢᠨ ᠳᠤᠷᠠᠰᠬᠠᠯᠲᠤ ᠵᠦᠢᠯᠡᠰ ᠤᠨ ︽ᠲᠦᠷᠪᠡ ᠶᠢ ᠲᠦᠭᠡᠮᠡᠯᠵᠢᠭᠦᠯᠬᠦ︾ ᠠᠵᠢᠯᠯᠠᠭ᠎ᠠ ᠶᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ ᠲᠡᠦᠬᠡ ᠰᠣᠶᠣᠯ ᠤᠨ ᠰᠤᠳᠠᠰᠤ ᠶᠢ ᠰᠠᠬᠢᠨ ᠬᠠᠮᠠᠭᠠᠯᠠᠨ᠎ᠠ
ᠨᠡᠶᠢᠲᠡᠯᠡᠭᠰᠡᠨ ᠴᠠᠭ᠄
2025/4/15
    ᠯᠢᠶᠠᠩᠴᠧᠩ ᠰᠢᠶᠠᠨ ᠤ ᠲᠡᠤᠬᠡ ᠶᠢᠨ ᠳᠤᠷᠠᠰᠬᠠᠯᠲᠤ ᠵᠦᠢᠯᠡᠰ ᠤᠨ ᠭᠡᠷ ᠪᠦᠯᠢ ᠶᠢᠨ ᠪᠠᠶᠢᠳᠠᠯ ᠢ ᠤᠯᠠᠮ ᠨᠢᠭᠡ ᠠᠯᠬᠤᠮ ᠲᠣᠳᠣᠷᠬᠠᠶ ᠣᠶᠢᠯᠠᠭᠠᠵᠤ᠂ ᠲᠡᠤᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠪᠠᠶᠢᠳᠠᠯ ᠢ ᠣᠨᠣᠪᠴᠢᠲᠠᠶ ᠮᠠᠭᠠᠳᠯᠠᠨ ᠲᠣᠭᠲᠠᠭᠠᠵᠤ᠂ ᠲᠡᠤᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠲᠥᠷᠥ ᠶᠢᠨ ᠪᠣᠳᠣᠯᠭ᠎ᠠ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠲᠡᠤᠬᠡ ᠶᠢᠨ ᠳᠤᠷᠠᠰᠬᠠᠯᠲᠤ ᠵᠦᠢᠯᠡᠰ ᠪᠠ ᠰᠣᠶᠣᠯ ᠤᠨ ᠥᠪ ᠢ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠵᠤ᠂ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠳᠤᠮᠳᠠᠬᠢ ᠲᠡᠤᠬᠡ ᠰᠣᠶᠣᠯ ᠢ ᠬᠠᠮᠠᠭᠠᠯᠠᠬᠤ ᠪᠠ ᠤᠯᠠᠮᠵᠢᠯᠠᠨ ᠵᠠᠯᠭᠠᠮᠵᠢᠯᠠᠬᠤ ᠶᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠦᠯᠦᠬᠡ᠂ ᠯᠢᠶᠠᠩᠴᠧᠩ ᠰᠢᠶᠠᠨ ᠲᠥᠷᠥ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠵᠢᠴᠢ ᠤᠯᠠᠭᠠᠨᠴᠠᠪ ᠬᠤᠲᠠ ᠶᠢᠨ ᠲᠡᠤᠬᠡ ᠶᠢᠨ ᠳᠤᠷᠠᠰᠬᠠᠯᠲᠤ ᠵᠦᠢᠯᠡᠰ ᠤᠨ ︽ᠳᠥᠷᠪᠡ ᠶᠢ ᠲᠦᠭᠡᠮᠡᠯᠵᠢᠭᠦᠯᠬᠦ︾ ᠠᠵᠢᠯ ᠤᠨ ᠲᠣᠬᠢᠷᠠᠭᠤᠯᠤᠯᠲᠠ ᠶᠢ ᠬᠢᠨᠠᠮᠠᠭᠠᠶ ᠵᠢᠷᠤᠮᠯᠠᠨ᠂ ᠳᠡᠭᠡᠳᠦ ᠬᠡᠮᠵᠢᠶᠡᠨ ᠤ ᠤᠯᠤᠰ ᠲᠥᠷᠥ ᠶᠢᠨ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠷ ᠲᠡᠤᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠡᠯ᠎ᠡ ᠵᠦᠢᠯ ᠤᠨ ᠠᠵᠢᠯ ᠢ ᠪᠥᠬᠦ ᠲᠠᠯ᠎ᠠ ᠪᠠᠷ᠂ ᠴᠢᠨᠠᠷ ᠰᠠᠶᠢᠲᠠᠶ ᠠᠬᠢᠭᠤᠯᠵᠤ᠂ ᠲᠡᠦᠬᠡ ᠰᠣᠶᠣᠯ ᠤᠨ ᠰᠤᠳᠠᠰᠤ ᠶᠢ ᠰᠠᠶᠢᠲᠤᠷ ᠰᠠᠬᠢᠨ ᠬᠠᠮᠠᠭᠠᠯᠠᠪᠡ᠃     ︽ᠳᠥᠷᠪᠡ ᠶᠢ ᠲᠦᠭᠡᠮᠡᠯᠵᠢᠭᠦᠯᠬᠦ︾ ᠠᠵᠢᠯ ᠢ ᠥᠷᠨᠢᠭᠦᠯᠦᠭᠰᠡᠨ ᠠᠴᠠ ᠨᠠᠰᠢ᠂ 4 ᠰᠠᠷ᠎ᠠ ᠶᠢᠨ 5 ᠤ ᠡᠳᠦᠷ ᠪᠣᠯᠲᠠᠯ᠎ᠠ᠂ ᠯᠢᠶᠠᠩᠴᠧᠩ ᠰᠢᠶᠠᠨ ︽ᠭᠤᠷᠪᠠ ᠶᠢ ᠲᠦᠭᠡᠮᠡᠯᠵᠢᠭᠦᠯᠬᠦ︾ ᠰᠢᠯᠵᠢᠭᠦᠯᠵᠦ ᠪᠣᠯᠤᠰᠢ ᠦᠭᠡᠢ 523 ᠲᠡᠦᠬᠡ ᠶᠢᠨ ᠳᠤᠷᠠᠰᠬᠠᠯᠲᠤ ᠵᠦᠢᠯᠡᠰ ᠢ ᠪᠠᠶᠢᠴᠠᠭᠠᠨ ᠪᠦᠷᠢᠳᠬᠡᠵᠦ᠂ 6 ᠭᠠᠵᠠᠷ ᠢ ᠰᠢᠨ᠎ᠡ ᠪᠠᠷ ᠢᠯᠡᠷᠡᠭᠦᠯᠵᠦ᠂ ᠲᠥᠯᠥᠪᠯᠡᠭᠡ ᠶᠣᠰᠣᠭᠠᠷ ᠡᠨᠡ ᠵᠢᠯ ᠤᠨ 4 ᠰᠠᠷ᠎ᠠ ᠶᠢᠨ ᠰᠡᠭᠦᠯᠴᠢ ᠠᠴᠠ ᠡᠮᠦᠨ᠎ᠡ ᠪᠦᠬᠦ ᠰᠢᠶᠠᠨ ᠤ ᠣᠳᠣ ᠪᠠᠶᠢᠭ᠎ᠠ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠠᠵᠢᠯ ᠢ ᠪᠡᠶᠡᠯᠡᠭᠦᠯᠦᠨ᠎ᠡ᠃                                              ᠤᠷᠴᠢᠭᠤᠯᠤᠭᠴᠢ᠄ ᠬᠦᠰᠡᠯ                                              ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2