︽2024 ᠣᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠲᠤᠬᠠᠶ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠷᠯᠢᠭ︾ ᠤᠨ ᠲᠤᠬᠠᠶ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2025/4/15
    ᠨᠢᠭᠡ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠲᠦᠷᠢᠮ︾ ︽2024 ᠣᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ︾ ᠵᠡᠷᠭᠡ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ᠂ ᠮᠠᠨ ᠤ ᠬᠤᠲᠠ ᠶᠢᠨ ᠪᠣᠳᠠᠲᠠᠶ ᠲᠠᠢ ᠪᠠᠨ ᠤᠶᠠᠯᠳᠤᠭᠤᠯᠤᠨ᠂ ᠣᠨᠴᠠᠭᠠᠶᠢᠯᠠᠨ ᠲᠣᠰ ᠵᠠᠷᠯᠢᠭ ᠢ ᠲᠣᠭᠲᠠᠭᠠᠪᠠ᠃     ᠬᠤᠶᠠᠷ᠂ ᠪᠦᠬᠦ ᠬᠤᠲᠠ ᠶᠢᠨ ᠭᠠᠯ ᠰᠡᠷᠭᠡᠶᠢᠯᠡᠬᠦ ᠬᠤᠭᠤᠴᠠᠭ᠎ᠠ ᠨᠢ ᠲᠤᠰ ᠵᠢᠯ ᠤᠨ 9 ᠰᠠᠷ᠎ᠠ ᠶᠢᠨ 15 ᠤ ᠡᠳᠦᠷ ᠠᠴᠠ ᠳᠠᠷᠠᠭ᠎ᠠ ᠵᠢᠯ ᠤᠨ 6 ᠰᠠᠷ᠎ᠠ ᠶᠢᠨ 15 ᠤ ᠡᠳᠦᠷ ᠪᠣᠯᠲᠠᠯ᠎ᠠ᠃ ᠭᠠᠯ ᠰᠡᠷᠭᠡᠶᠢᠯᠡᠵᠦ ᠭᠠᠯ ᠤᠨᠲᠠᠷᠠᠭᠠᠬᠤ ᠴᠢᠩᠭ᠎ᠠ ᠰᠡᠷᠭᠡᠶᠢᠯᠡᠯᠲᠡ ᠶᠢᠨ ᠵᠠᠬᠢᠷᠤᠨ ᠬᠠᠮᠢᠶᠠᠷᠬᠤ ᠬᠤᠭᠤᠴᠠᠭ᠎ᠠ ᠨᠢ ᠬᠠᠪᠤᠷ ᠤᠨ ᠤᠯᠠᠷᠢᠯ ᠤᠨ 4 ᠰᠠᠷ᠎ᠠ ᠶᠢᠨ 1 ᠤ ᠡᠳᠦᠷ ᠠᠴᠠ ᠵᠢᠯ ᠤᠨ 5 ᠰᠠᠷ᠎ᠠ ᠶᠢᠨ 31 ᠤ ᠡᠳᠦᠷ ᠪᠣᠯᠲᠠᠯ᠎ᠠ︔ ᠨᠠᠮᠤᠷ ᠡᠪᠦᠯ ᠤᠨ ᠤᠯᠠᠷᠢᠯ ᠤᠨ 10 ᠰᠠᠷ᠎ᠠ ᠶᠢᠨ 1 ᠤ ᠡᠳᠦᠷ ᠠᠴᠠ 12 ᠰᠠᠷ᠎ᠠ ᠶᠢᠨ 31 ᠤ ᠡᠳᠦᠷ ᠪᠣᠯᠲᠠᠯ᠎ᠠ᠃     ᠭᠤᠷᠪᠠ᠂ ᠭᠠᠯ ᠰᠡᠷᠭᠡᠶᠢᠯᠡᠬᠦ ᠴᠢᠩᠭ᠎ᠠ ᠰᠡᠷᠭᠡᠶᠢᠯᠡᠯᠲᠡ ᠶᠢᠨ ᠬᠤᠭᠤᠴᠠᠭᠠᠨ ᠳᠤ᠂ ᠭᠠᠯ ᠰᠡᠷᠭᠡᠶᠢᠯᠡᠬᠦ ᠴᠢᠩᠭ᠎ᠠ ᠰᠡᠷᠭᠡᠶᠢᠯᠡᠯᠲᠡ ᠶᠢᠨ ᠬᠠᠮᠢᠶᠠᠷᠤᠯᠲᠠ ᠶᠢᠨ ᠣᠷᠣᠨ ᠳᠤ ᠴᠢᠩᠭ᠎ᠠ ᠰᠡᠷᠭᠡᠶᠢᠯᠡᠯᠲᠡ ᠶᠢᠨ ᠵᠠᠬᠢᠷᠤᠨ ᠬᠠᠮᠢᠶᠠᠷᠤᠯᠲᠠ ᠬᠢᠬᠦ ᠬᠡᠷᠡᠭᠲᠡᠶ᠃                                                    ᠣᠷᠴᠢᠭᠤᠯᠤᠭᠴᠢ᠄ ᠭᠤᠸ᠎ᠠ                                                    ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2