ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠦᠮᠦᠵᠢᠯ᠄ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ︵ᠥᠷᠭᠡᠳᠬᠡᠭᠰᠡᠨ︶ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/4/15
    3 ᠰᠠᠷ᠎ᠠ ᠶᠢᠨ 24 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠣᠷᠣᠯᠠᠭᠴᠢ ᠬᠤᠲᠠ ᠶᠢᠨ ᠳᠠᠷᠤᠭ᠎ᠠ ᠯᠢᠦ ᠬᠠᠶ ᠴᠢᠤᠸᠠᠨ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ︵ᠥᠷᠭᠡᠳᠬᠡᠭᠰᠡᠨ︶ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠲᠥᠪ ᠤᠨ ᠨᠠᠢᠮᠠᠨ ᠵᠣᠷᠪᠣᠰ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠠᠵᠢᠯ ᠢ ᠰᠤᠳᠤᠯᠤᠨ ᠪᠠᠶᠢᠷᠢᠯᠠᠭᠤᠯᠪᠠ᠃     ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠤᠨ ︽ᠪᠦᠬᠦ ᠨᠠᠮ ᠳᠤ ᠲᠥᠪ ᠤᠨ ᠨᠠᠢᠮᠠᠨ  ᠵᠣᠷᠪᠣᠰ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠲᠤᠬᠠᠢ ᠮᠡᠳᠡᠭᠳᠡᠯ︾ ᠪᠣᠯᠤᠨ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠬᠤᠷᠠᠯ᠂ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠶᠢᠨ ᠲᠥᠪ ᠤᠨ ᠨᠠᠢᠮᠠᠨ ᠵᠣᠷᠪᠣᠰ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠠᠵᠢᠯ ᠤᠨ ᠲᠥᠰᠦᠯ︾ ᠢ ᠬᠢᠨᠠᠨ ᠵᠥᠪᠯᠡᠵᠦ ᠪᠠᠲᠤᠯᠠᠭᠠᠳ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠰᠢᠰᠲ᠋ᠧᠮ ᠲᠠᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ︽ᠬᠤᠶᠠᠷ ᠢ ᠲᠣᠭᠲᠠᠭᠠᠭᠰᠠᠨ︾ ᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠤᠬᠠᠮᠰᠠᠷ ᠠᠴᠠ ᠪᠠᠨ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠰᠤᠷᠤᠯᠴᠠᠨ ᠣᠶᠢᠯᠠᠭᠠᠵᠤ ᠨᠡᠪᠲᠡᠷᠡᠲᠡᠯ᠎ᠡ ᠡᠵᠡᠮᠰᠢᠵᠦ᠂ ᠭᠦᠨᠵᠡᠭᠡᠢ ᠰᠤᠷᠤᠯᠴᠠᠨ ᠨᠡᠪᠲᠡᠷᠡᠲᠡᠯ᠎ᠡ ᠣᠶᠢᠯᠠᠭᠠᠵᠤ᠂ ᠲᠠᠷᠢᠬᠢ ᠲᠣᠯᠣᠭᠠᠢ ᠰᠡᠳᠬᠢᠯ ᠵᠢᠷᠦᠬᠡᠨ ᠳᠡᠭᠡᠨ ᠬᠠᠳᠠᠩᠰᠢᠭᠤᠯᠵᠤ᠂ ᠦᠢᠯᠡ ᠠᠵᠢᠯᠯᠠᠭ᠎ᠠ ᠬᠢᠵᠦ ᠦᠷ᠎ᠡ ᠪᠦᠲᠦᠮᠵᠢ ᠤᠯᠬᠤ ᠶᠢ ᠦᠨᠡᠨ ᠬᠦ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃     ᠬᠤᠷᠠᠯ ᠠᠴᠠ᠂ ᠰᠤᠷᠤᠯᠴᠠᠯᠭ᠎ᠠ ᠬᠥᠮᠦᠵᠢᠯ ᠪᠣᠯᠤᠨ ᠭᠤᠣᠯ ᠠᠵᠢᠯ ᠢ ᠬᠤᠶᠠᠷ ᠲᠠᠯ᠎ᠠ ᠪᠠᠷ ᠠᠳᠬᠤᠬᠤ᠂ ᠬᠤᠶᠠᠷ ᠢ ᠠᠬᠢᠭᠤᠯᠬᠤ ᠶᠢ ᠪᠠᠷᠢᠮᠲᠠᠯᠠᠵᠤ᠂ ᠠᠵᠤ ᠠᠬᠤᠢ ᠶᠢᠨ ᠠᠵᠢᠯᠯᠠᠭ᠎ᠠ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ᠂ ᠠᠶᠤᠯᠭᠦᠢ ᠦᠢᠯᠡᠳᠪᠦᠷᠢᠯᠡᠯ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠤᠯᠠᠨ ᠲᠦᠮᠡᠨ ᠤ ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠰᠡᠳᠬᠢᠯ ᠲᠠᠯᠪᠢᠨ ᠬᠦᠴᠦ ᠣᠷᠣᠭᠤᠯᠤᠨ ᠰᠠᠶᠢᠲᠤᠷ ᠰᠢᠢᠳᠪᠦᠷᠢᠯᠡᠵᠦ᠂ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠠᠵᠢᠯ ᠬᠢᠵᠦ ᠦᠢᠯᠡᠰ ᠪᠤᠰᠬᠠᠬᠤ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ᠂ ᠬᠥᠭᠵᠢᠯᠲᠡ ᠶᠢ ᠠᠬᠢᠭᠤᠯᠬᠤ ᠪᠣᠳᠠᠲᠠᠢ ᠦᠷ᠎ᠡ ᠪᠦᠲᠦᠮᠵᠢ ᠪᠣᠯᠭᠠᠨ ᠬᠤᠪᠢᠷᠠᠭᠤᠯᠵᠤ᠂ ᠪᠦᠬᠦ ᠬᠦᠴᠦᠨ ᠢᠶᠠᠷ ᠢᠶᠠᠨ ᠡᠯ᠎ᠡ ᠵᠦᠢᠯ ᠤᠨ ᠠᠵᠢᠯ ᠢ ᠣᠨᠣᠪᠴᠢᠲᠠᠢ ᠠᠳᠬᠤᠵᠤ ᠪᠣᠳᠠᠲᠠᠢ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃                                                ᠣᠷᠴᠢᠭᠤᠯᠤᠭᠴᠢ᠄ ᠭᠤᠸ᠎ᠠ                                                ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2