4 ᠰᠠᠷ᠎ᠠ ᠶᠢᠨ 15 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠵᠧᠤ ᠺᠠᠶ ᠬᠤᠲᠠ ᠶᠢᠨ ᠰᠠᠬᠢᠯᠭ᠎ᠠ | ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠪᠠᠶᠢᠭᠤᠯᠭ᠎ᠠ ᠳᠤ ᠭᠦᠨᠵᠡᠭᠡᠶᠢᠷᠡᠨ ᠪᠠᠶᠢᠴᠠᠭᠠᠨ | ᠰᠤᠳᠤᠯᠵᠤ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠢ ᠪᠣᠯᠭᠤᠭᠠᠨ ᠲᠣᠬᠤᠨᠢᠭᠤᠯᠪᠠ᠃ | ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠪᠠᠶᠢᠭᠤᠯᠭ᠎ᠠ ᠳᠤ᠂ | ᠵᠧᠦ ᠺᠠᠢ ᠬᠤᠯᠪᠣᠭᠳᠠᠯ ᠪᠦᠬᠦᠢ ᠳᠣᠲᠣᠭᠠᠳᠤ ᠪᠠᠶᠢᠭᠤᠯᠤᠮᠵᠢ ᠶᠢ ᠰᠤᠷᠪᠤᠯᠵᠢᠯᠠᠵᠤ᠂ ᠰᠠᠬᠢᠯᠭ᠎ᠠ ᠪᠠᠲᠤ ᠪᠠᠶᠢᠴᠠᠭᠠᠬᠤ | ᠬᠢᠨᠠᠨ ᠪᠠᠶᠢᠴᠠᠭᠠᠬᠤ ᠺᠠᠳ᠋ᠷ ᠲᠠᠢ ᠳᠣᠲᠣᠨᠣ ᠪᠠᠷ ᠶᠠᠷᠢᠯᠴᠠᠵᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ | ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠂ ︽ᠰᠠᠬᠢᠯᠭ᠎ᠠ ᠪᠠᠲᠤ ᠪᠠᠶᠢᠴᠠᠭᠠᠬᠤ ᠬᠢᠨᠠᠨ | ᠪᠠᠶᠢᠴᠠᠭᠠᠬᠤ ᠠᠵᠢᠯ ᠢ ᠵᠢᠷᠤᠮᠵᠢᠭᠤᠯᠬᠤ ᠬᠠᠤᠯᠢᠵᠢᠭᠤᠯᠬᠤ ᠵᠢᠩᠬᠢᠨᠢᠴᠢᠯᠡᠬᠦ ᠪᠠᠶᠢᠭᠤᠯᠤᠯᠲᠠ ᠶᠢᠨ ᠣᠨ︾ ᠤ | ᠠᠵᠢᠯᠯᠠᠭ᠎ᠠ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ | ᠲᠥᠪᠯᠡᠷᠡᠭᠦᠯᠦᠨ ᠴᠡᠭᠴᠡᠯᠡᠨ ᠵᠠᠰᠠᠬᠤ ᠵᠡᠷᠭᠡ ᠠᠵᠢᠯ ᠢ ᠥᠷᠨᠢᠭᠦᠯᠦᠭᠰᠡᠨ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ | ᠥᠭᠡᠷᠡᠴᠢᠯᠡᠯᠲᠡ ᠶᠢᠨ ᠵᠣᠷᠢᠭ ᠰᠠᠨᠠᠭ᠎ᠠ ᠪᠣᠯᠤᠨ ᠴᠢᠩᠭ᠎ᠠ ᠪᠠᠷᠢᠮᠵᠢᠶ᠎ᠠ ᠪᠠᠷ ᠨᠠᠮ ᠢ ᠬᠠᠮᠢᠶᠠᠷᠴᠤ ᠨᠠᠮ ᠢ ᠵᠠᠰᠠᠬᠤ ᠶᠢ | ᠪᠠᠷᠢᠮᠲᠠᠯᠠᠵᠤ᠂ ᠨᠠᠮᠴᠢ ᠴᠢᠨᠠᠷ ᠨᠠᠮ ᠤᠨ ᠰᠤᠷᠲᠠᠯ ᠨᠠᠮ ᠤᠨ ᠰᠠᠬᠢᠯᠭ᠎ᠠ ᠪᠠᠲᠤ ᠶᠢ ᠵᠡᠷᠭᠡᠪᠡᠷ ᠠᠳᠬᠤᠵᠤ᠂ ᠪᠦᠬᠦ | ᠬᠤᠳᠠ ᠶᠢᠨ ᠡᠯ᠎ᠡ ᠵᠦᠢᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠪᠠᠲᠤ ᠴᠢᠩᠭ᠎ᠠ | ᠪᠠᠲᠤᠯᠠᠭ᠎ᠠ ᠬᠠᠩᠭᠠᠬᠤ ᠬᠡᠷᠡᠭᠲᠡᠢ᠃ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ | ᠠᠰᠠᠭᠤᠳᠠᠯ ᠢ ᠭᠦᠨᠵᠡᠭᠡᠢ ᠴᠡᠭᠴᠡᠯᠡᠨ ᠵᠠᠰᠠᠵᠤ᠂ ᠬᠦᠴᠦ ᠪᠠᠨ ᠲᠥᠪᠯᠡᠷᠡᠭᠦᠯᠦᠨ ᠪᠣᠭᠤᠮᠲᠠ ᠰᠢᠪᠲᠤᠯᠵᠤ᠂ ᠪᠣᠳᠠᠲᠤ | ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ᠃ ᠮᠠᠨ ᠤ ᠬᠤᠲᠠ ᠶᠢᠨ ᠪᠣᠳᠠᠲᠤ ᠪᠠᠶᠢᠳᠠᠯ ᠲᠠᠢ ᠨᠢᠭᠲᠠ | ᠤᠶᠠᠯᠳᠤᠭᠤᠯᠤᠨ᠂ ᠲᠣᠭᠤᠷᠢᠨ ᠪᠠᠶᠢᠴᠠᠭᠠᠬᠤ ᠠᠵᠢᠯ ᠢ ᠴᠢᠩᠭᠠᠳᠬᠠᠨ ᠰᠠᠶᠢᠵᠢᠷᠠᠭᠤᠯᠵᠤ᠂ ᠠᠰᠠᠭᠤᠳᠠᠯ ᠢ ᠨᠠᠩ | ᠣᠨᠣᠪᠴᠢᠲᠠᠶ ᠢᠯᠡᠷᠡᠭᠦᠯᠵᠦ᠂ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠵᠤ᠂ ᠲᠣᠭᠤᠷᠢᠨ ᠪᠠᠶᠢᠴᠠᠭᠠᠬᠤ ᠬᠤᠷᠴᠠ | ᠰᠡᠯᠡᠮ᠎ᠡ ᠶᠢᠨ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠶ᠃ ᠬᠢᠨᠠᠯᠲᠠ ᠲᠠᠯᠪᠢᠵᠤ ᠨᠡᠪᠲᠡᠷᠡᠯᠴᠡᠭᠦᠯᠦᠨ | ᠵᠣᠬᠢᠴᠠᠭᠤᠯᠬᠤ ᠲᠠᠪᠴᠠᠩ ᠢ ᠰᠠᠶᠢᠲᠤᠷ ᠬᠡᠷᠡᠭᠯᠡᠵᠦ᠂ ᠡᠯ᠎ᠡ ᠲᠦᠷᠦᠯ ᠤᠨ ᠬᠢᠨᠠᠯᠲᠠ ᠶᠢ ᠨᠡᠪᠲᠡᠷᠡᠭᠦᠯᠦᠨ | ᠵᠣᠬᠢᠴᠠᠭᠤᠯᠬᠤ ᠶᠢ ᠠᠬᠢᠭᠤᠯᠵᠤ᠂ ᠬᠢᠨᠠᠯᠲᠠ ᠲᠠᠯᠪᠢᠬᠤ ᠦᠷ᠎ᠡ ᠪᠦᠲᠦᠮᠵᠢ ᠶᠢ ᠬᠠᠮᠤᠭ ᠤᠨ ᠶᠡᠭᠡ ᠪᠣᠯᠭᠠᠬᠤ ᠶᠢ | ᠪᠡᠶᠡᠯᠡᠭᠦᠯᠬᠦ ᠬᠡᠷᠡᠭᠲᠡᠢ᠃ ᠬᠢᠨᠠᠯᠲᠠ ᠲᠠᠯᠪᠢᠬᠤ ᠰᠠᠬᠢᠯᠭ᠎ᠠ ᠪᠠᠲᠤ ᠬᠡᠷᠡᠭᠵᠢᠭᠦᠯᠬᠦ ᠬᠠᠤᠯᠢ ᠬᠡᠷᠡᠭᠵᠢᠭᠦᠯᠬᠦ ᠦᠢᠯᠡᠳᠦᠯ | ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠬᠡᠷᠡᠭ ᠪᠣᠯᠭᠠᠨ ᠢ ᠦᠨᠡᠨᠬᠦ ︽ᠲᠡᠮᠦᠷ ᠬᠡᠷᠡᠭ︾ ᠪᠣᠯᠭᠠᠨ | ᠰᠢᠢᠳᠪᠦᠷᠢᠯᠡᠬᠦ ᠬᠡᠷᠡᠭᠲᠡᠢ᠃ ᠵᠠᠬᠢᠳᠠᠯ ᠰᠤᠷᠪᠤᠯᠵᠢᠯᠠᠭ᠎ᠠ ᠪᠠᠷ ᠢᠯᠡᠴᠢᠯᠡᠨ ᠮᠡᠳᠡᠭᠦᠯᠬᠦ ᠠᠷᠭ᠎ᠠ ᠵᠠᠮ ᠢ ᠰᠠᠭᠠᠳ ᠦᠭᠡᠢ | ᠨᠡᠪᠲᠡᠷᠡᠭᠦᠯᠵᠦ᠂ ᠵᠠᠬᠢᠳᠠᠯ ᠰᠤᠷᠪᠤᠯᠵᠢᠯᠠᠭ᠎ᠠ ᠪᠠᠷ ᠢᠯᠡᠴᠢᠯᠡᠨ ᠮᠡᠳᠡᠭᠦᠯᠬᠦ ᠶᠢ ᠲᠦᠷᠢᠮ ᠲᠣᠭᠲᠠᠭᠠᠯ ᠰᠠᠬᠢᠯᠭ᠎ᠠ ᠪᠠᠲᠤ | ᠶᠣᠰᠣᠭᠠᠷ ᠬᠠᠤᠯᠢ ᠶᠣᠰᠣᠭᠠᠷ ᠬᠦᠯᠢᠶᠡᠨ ᠠᠪᠴᠤ ᠰᠢᠢᠳᠪᠦᠷᠢᠯᠡᠬᠦ ᠬᠡᠷᠡᠭᠲᠡᠢ᠃ ︽ᠭᠤᠷᠪᠠᠨ ᠶᠠᠪᠤᠳᠠᠯ︾ ᠢ ᠢᠯᠡ | ᠪᠣᠯᠭᠠᠵᠤ ᠬᠢᠨᠠᠯᠲᠠ ᠲᠠᠯᠪᠢᠬᠤ ᠶᠢ ᠪᠣᠳᠠᠲᠠᠢ ᠠᠳᠬᠤᠵᠤ᠂ ᠮᠡᠳᠡᠭᠡ ᠵᠠᠩᠭᠢᠵᠢᠯᠲᠠ ᠶᠢᠨ ᠠᠷᠭ᠎ᠠ ᠪᠠᠷᠢᠯ ᠢ ᠰᠠᠶᠢᠲᠤᠷ | ᠬᠡᠷᠡᠭᠯᠡᠵᠦ᠂ ᠠᠵᠢᠯ ᠤᠨ ᠢᠯᠡ ᠲᠣᠳᠣ ᠶᠢᠨ ᠬᠡᠮᠵᠢᠶ᠎ᠡ ᠪᠠ ᠨᠡᠶᠢᠲᠡ ᠶᠢᠨ ᠢᠲᠡᠭᠡᠮᠵᠢ ᠶᠢᠨ ᠬᠡᠮᠵᠢᠶ᠎ᠡ ᠶᠢ ᠤᠯᠠᠮ ᠨᠢᠭᠡ | ᠠᠯᠬᠤᠮ ᠨᠡᠮᠡᠭᠳᠡᠭᠦᠯᠬᠦ ᠬᠡᠷᠡᠭᠲᠡᠢ᠃ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ | ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠳᠡᠷᠭᠡᠳᠡᠬᠢ | ᠶᠠᠪᠤᠳᠠᠯ ᠢᠶᠠᠷ ᠢᠶᠠᠨ ᠳᠡᠷᠭᠡᠳᠡᠬᠢ ᠬᠥᠮᠦᠰ ᠢᠶᠠᠨ ᠬᠥᠮᠦᠵᠢᠭᠦᠯᠵᠦ᠂ ᠰᠤᠷᠲᠠᠯ ᠤᠨ ᠪᠠᠶᠢᠭᠤᠯᠤᠯᠲᠠ ᠶᠢ ᠲᠠᠰᠤᠷᠠᠯᠲᠠ | ᠦᠭᠡᠢ ᠭᠦᠨᠵᠡᠭᠡᠶᠢᠷᠡᠭᠦᠯᠬᠦ ᠬᠡᠷᠡᠭᠲᠡᠢ ᠭᠡᠵᠦ ᠬᠡᠯᠡᠪᠡ᠃ | ᠣᠷᠴᠢᠭᠤᠯᠤᠭᠴᠢ᠄ ᠭᠤᠸ᠎ᠠ | ᠬᠢᠨᠠᠭᠴᠢ᠄ ᠠᠷᠢᠭᠤᠨ |