ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/4/17
    4 ᠰᠠᠷ᠎ᠠ ᠶᠢᠨ 14 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠯᠢᠦ ᠬᠠᠶ ᠴᠢᠤᠸᠠᠨ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃     ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠤᠯᠠᠨ ᠤᠯᠤᠰ ᠤᠨ ᠦᠢᠯᠡᠳᠪᠦᠷᠢ ᠬᠤᠳᠠᠯᠳᠤᠭᠠᠨ ᠤ ᠡᠲᠡᠭᠡᠳ ᠤᠨ ᠲᠥᠯᠥᠭᠡᠯᠡᠭᠴᠢᠳ ᠲᠠᠢ ᠠᠭᠤᠯᠵᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠭᠠᠳᠠᠭᠠᠳᠤ ᠨᠡᠭᠡᠭᠡᠯᠲᠡ ᠶᠢᠨ ᠡᠷᠴᠢᠮ ᠢᠶᠠᠨ ᠪᠦᠬᠦ ᠲᠠᠯ᠎ᠠ ᠪᠠᠷ ᠴᠢᠩᠭᠠᠷᠠᠭᠤᠯᠵᠤ᠂ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠶᠢᠨ ᠲᠥᠪᠯᠡᠷᠡᠭᠦᠯᠦᠨ ᠲᠠᠷᠬᠠᠭᠠᠬᠤ ᠲᠥᠪ ᠤᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠳᠦᠭᠡᠨ ᠪᠠᠶᠢᠭᠤᠯᠬᠤ ᠳᠤ ᠭᠦᠨᠵᠡᠭᠡᠢ ᠠᠭᠤᠰᠤᠯᠴᠠᠵᠤ᠂ ᠭᠠᠳᠠᠭᠠᠳᠤ ᠪᠡᠯᠡ ᠭᠠᠳᠠᠭᠠᠳᠤ ᠶᠢᠨ ᠬᠤᠳᠠᠯᠳᠤᠭᠠᠴᠢᠨ ᠢ ᠣᠷᠣᠭᠤᠯᠤᠨ ᠠᠪᠴᠢᠷᠠᠬᠤ ᠡᠷᠴᠢᠮ ᠢᠶᠠᠨ ᠴᠢᠩᠭᠠᠷᠠᠭᠤᠯᠵᠤ᠂ ᠭᠠᠳᠠᠭᠠᠳᠤ ᠪᠡᠯᠡ ᠶᠢᠨ ᠦᠢᠯᠡᠴᠢᠯᠡᠭᠡ ᠪᠠᠲᠤᠯᠠᠭ᠎ᠠ ᠶᠢᠨ ᠲᠦᠪᠰᠢᠨ ᠢ ᠳᠡᠭᠡᠭᠰᠢᠯᠡᠭᠦᠯᠵᠦ᠂ ᠨᠡᠩ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠳᠠ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃     ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠲᠣᠭᠤᠷᠢᠨ ᠪᠠᠶᠢᠴᠠᠭᠠᠬᠤ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠲᠠᠬᠢᠨ ᠰᠤᠷᠤᠯᠴᠠᠵᠤ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠤᠭᠰᠠᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠲᠣᠭᠤᠷᠢᠨ ᠪᠠᠶᠢᠴᠠᠭᠠᠯᠲᠠ ᠶᠢᠨ ᠭᠤᠣᠯᠳᠠᠯᠭ᠎ᠠ ᠲᠠᠢ ᠳᠤᠲᠠᠭᠤᠳᠠᠯ ᠢ ᠨᠥᠬᠦᠪᠥᠷᠢᠯᠡᠵᠦ᠂ ᠪᠠᠭᠤᠷᠠᠢ ᠲᠠᠯ᠎ᠠ ᠪᠠᠨ ᠬᠦᠴᠦᠷᠬᠡᠭᠵᠢᠭᠦᠯᠵᠦ᠂ ᠲᠣᠭᠤᠷᠢᠨ ᠪᠠᠶᠢᠴᠠᠭᠠᠯᠲᠠ ᠶᠢ ᠬᠦᠯᠢᠶᠡᠬᠦ ᠪᠠᠷ ᠠᠵᠠ ᠲᠣᠬᠢᠶᠠᠯ ᠪᠣᠯᠭᠠᠵᠤ ᠬᠦᠴᠢᠷ ᠠᠰᠠᠭᠤᠳᠠᠯ ᠢ ᠰᠢᠢᠳᠪᠦᠷᠢᠯᠡᠵᠦ᠂ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃     ᠬᠤᠷᠠᠯ ᠠᠴᠠ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠪᠣᠯᠤᠨ ᠶᠡᠷᠦᠩᠬᠡᠢ ᠱᠦᠵᠢ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠲᠤᠬᠠᠢ ᠴᠢᠬᠤᠯᠠ ᠥᠭᠦᠯᠡᠯᠲᠡ ᠵᠢᠴᠢ ︽ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠬᠤ ᠠᠵᠢᠯ ᠤᠨ ᠲᠣᠭᠲᠠᠭᠠᠯ︾ ᠢ ᠲᠠᠬᠢᠨ ᠰᠤᠷᠤᠯᠴᠠᠵᠤ᠂ ᠠᠮᠢ ᠠᠬᠤᠢ ᠶᠢᠨ ᠣᠷᠴᠢᠨ ᠲᠣᠭᠤᠷᠢᠨ ᠤ ᠬᠦᠷᠢᠶᠡᠨ ᠳᠠᠬᠢ ᠶᠡᠭᠡ ᠪᠠᠶᠢᠴᠠᠭᠠᠯᠲᠠ ᠶᠡᠭᠡ ᠴᠡᠭᠴᠡᠯᠡᠨ ᠰᠠᠶᠢᠵᠢᠷᠠᠭᠤᠯᠤᠯᠲᠠ᠂ ᠤᠢ ᠰᠢᠭᠤᠢ ᠨᠤᠲᠤᠭ ᠪᠡᠯᠴᠢᠭᠡᠷ ᠢ ᠡᠪᠳᠡᠵᠦ ᠬᠠᠤᠯᠢ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠭᠰᠠᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠴᠠᠭ ᠬᠤᠭᠤᠴᠠᠭ᠎ᠠ ᠶᠢ ᠴᠢᠩᠭ᠎ᠠ ᠠᠩᠬᠠᠷᠴᠤ᠂ ᠴᠡᠭᠴᠡᠯᠡᠨ ᠰᠠᠶᠢᠵᠢᠷᠠᠭᠤᠯᠬᠤ ᠠᠬᠢᠴᠠ ᠶᠢ ᠲᠦᠷᠭᠡᠳᠬᠡᠵᠦ᠂ ᠠᠮᠢ ᠠᠬᠤᠢ ᠣᠷᠴᠢᠨ ᠲᠣᠭᠤᠷᠢᠨ ᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠲᠤᠭᠤᠰᠢᠲᠠᠢ ᠦᠷ᠎ᠡ ᠪᠦᠲᠦᠮᠵᠢ ᠭᠠᠷᠭᠠᠬᠤ ᠶᠢ ᠦᠨᠡᠨ ᠬᠦ ᠠᠬᠢᠭᠤᠯᠬᠤ ᠬᠡᠷᠡᠭᠲᠡᠢ︔ ᠤᠢ ᠰᠢᠭᠤᠢ ᠨᠤᠲᠤᠭ ᠪᠡᠯᠴᠢᠭᠡᠷ ᠢ ᠡᠪᠳᠡᠵᠦ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠥᠨᠳᠥᠷ ᠪᠦᠲᠦᠮᠵᠢᠲᠡᠢ ᠴᠣᠬᠢᠯᠲᠠ ᠥᠭᠴᠦ᠂ ᠡᠷᠡᠰ ᠬᠤᠷᠢᠭᠯᠠᠬᠤ ᠬᠡᠷᠡᠭᠲᠡᠢ ᠭᠡᠵᠦ ᠴᠢᠬᠤᠯᠠᠴᠢᠯᠠᠪᠠ᠃     ᠬᠤᠷᠠᠯ ᠠᠴᠠ ︽ᠤᠯᠠᠭᠠᠨᠴᠠᠪ ᠬᠤᠳᠠ ᠶᠢᠨ ᠨᠠᠮ ᠵᠠᠰᠠᠭ ᠤᠨ ᠤᠳᠤᠷᠢᠳᠬᠤ ᠺᠠᠳ᠋ᠷ 2025 ᠣᠨ ᠤ ᠠᠶᠤᠯᠭᠦᠢ ᠦᠢᠯᠡᠳᠪᠦᠷᠢᠯᠡᠯ ᠤᠨ ᠭᠤᠣᠯᠳᠠᠯᠭ᠎ᠠ ᠲᠠᠢ ᠡᠭᠦᠷᠭᠡ ᠶᠢᠨ ᠨᠠᠷᠢᠨ ᠲᠠᠩᠰᠠ︾ ᠶᠢ ᠬᠢᠨᠠᠨ ᠵᠥᠪᠯᠡᠵᠦ᠂ ︽ᠠᠮᠤᠷ ᠲᠦᠪᠰᠢᠨ ᠤ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠵᠦ ᠪᠣᠯᠬᠤ︾ ᠤᠢᠢᠯᠠᠭᠠᠭᠳᠠᠬᠤᠨ ᠢ ᠪᠠᠲᠤ ᠪᠤᠢ ᠪᠣᠯᠭᠠᠵᠤ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠴᠢᠨᠠᠭᠰᠢᠳᠠ ᠪᠣᠳᠠᠲᠠᠶᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠬᠤᠷᠢᠭ᠎ᠠ ᠱᠤᠭᠤᠮ᠂ ᠤᠯᠠᠭᠠᠨ ᠱᠤᠭᠤᠮ᠂ ᠰᠡᠷᠭᠡᠶᠢᠯᠡᠯᠲᠡ ᠶᠢᠨ ᠱᠤᠭᠤᠮ ᠢ ᠡᠷᠡᠰ ᠪᠠᠲᠤ ᠰᠠᠬᠢᠵᠤ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠬᠠᠮᠠᠭᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃     ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃                                          ᠣᠷᠴᠢᠭᠤᠯᠤᠭᠴᠢ᠄ ᠭᠤᠸ᠎ᠠ                                      ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2