4 ᠰᠠᠷ᠎ᠠ ᠶᠢᠨ 14 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ | ᠯᠢᠦ ᠬᠠᠶ ᠴᠢᠤᠸᠠᠨ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠤᠯᠠᠨ ᠤᠯᠤᠰ ᠤᠨ ᠦᠢᠯᠡᠳᠪᠦᠷᠢ ᠬᠤᠳᠠᠯᠳᠤᠭᠠᠨ ᠤ | ᠡᠲᠡᠭᠡᠳ ᠤᠨ ᠲᠥᠯᠥᠭᠡᠯᠡᠭᠴᠢᠳ ᠲᠠᠢ ᠠᠭᠤᠯᠵᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ | ᠤᠯᠠᠮᠵᠢᠯᠠᠨ ᠰᠤᠷᠤᠯᠴᠠᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ | ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠭᠠᠳᠠᠭᠠᠳᠤ ᠨᠡᠭᠡᠭᠡᠯᠲᠡ ᠶᠢᠨ ᠡᠷᠴᠢᠮ ᠢᠶᠠᠨ ᠪᠦᠬᠦ ᠲᠠᠯ᠎ᠠ ᠪᠠᠷ | ᠴᠢᠩᠭᠠᠷᠠᠭᠤᠯᠵᠤ᠂ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠶᠢᠨ ᠲᠥᠪᠯᠡᠷᠡᠭᠦᠯᠦᠨ ᠲᠠᠷᠬᠠᠭᠠᠬᠤ | ᠲᠥᠪ ᠤᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ︽ᠨᠢᠭᠡ ᠪᠦᠰᠡ ᠨᠢᠭᠡ ᠵᠠᠮ︾ ᠢ | ᠬᠠᠮᠲᠤ ᠪᠠᠷ ᠪᠦᠳᠦᠭᠡᠨ ᠪᠠᠶᠢᠭᠤᠯᠬᠤ ᠳᠤ ᠭᠦᠨᠵᠡᠭᠡᠢ ᠠᠭᠤᠰᠤᠯᠴᠠᠵᠤ᠂ ᠭᠠᠳᠠᠭᠠᠳᠤ ᠪᠡᠯᠡ ᠭᠠᠳᠠᠭᠠᠳᠤ ᠶᠢᠨ | ᠬᠤᠳᠠᠯᠳᠤᠭᠠᠴᠢᠨ ᠢ ᠣᠷᠣᠭᠤᠯᠤᠨ ᠠᠪᠴᠢᠷᠠᠬᠤ ᠡᠷᠴᠢᠮ ᠢᠶᠠᠨ ᠴᠢᠩᠭᠠᠷᠠᠭᠤᠯᠵᠤ᠂ ᠭᠠᠳᠠᠭᠠᠳᠤ ᠪᠡᠯᠡ ᠶᠢᠨ | ᠦᠢᠯᠡᠴᠢᠯᠡᠭᠡ ᠪᠠᠲᠤᠯᠠᠭ᠎ᠠ ᠶᠢᠨ ᠲᠦᠪᠰᠢᠨ ᠢ ᠳᠡᠭᠡᠭᠰᠢᠯᠡᠭᠦᠯᠵᠦ᠂ ᠨᠡᠩ ᠥᠨᠳᠥᠷ ᠲᠦᠪᠰᠢᠨ ᠪᠦᠬᠦᠢ ᠭᠠᠳᠠᠭᠠᠳᠤ | ᠨᠡᠭᠡᠭᠡᠯᠳᠠ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠲᠣᠭᠤᠷᠢᠨ ᠪᠠᠶᠢᠴᠠᠭᠠᠬᠤ ᠠᠵᠢᠯ ᠤᠨ ᠲᠤᠬᠠᠢ ᠴᠢᠬᠤᠯᠠ | ᠥᠭᠦᠯᠡᠯᠲᠡ ᠶᠢ ᠲᠠᠬᠢᠨ ᠰᠤᠷᠤᠯᠴᠠᠵᠤ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠤᠭᠰᠠᠨ ᠠᠬᠢᠴᠠ ᠶᠢᠨ | ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ | ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠲᠣᠭᠤᠷᠢᠨ ᠪᠠᠶᠢᠴᠠᠭᠠᠯᠲᠠ ᠶᠢᠨ | ᠭᠤᠣᠯᠳᠠᠯᠭ᠎ᠠ ᠲᠠᠢ ᠳᠤᠲᠠᠭᠤᠳᠠᠯ ᠢ ᠨᠥᠬᠦᠪᠥᠷᠢᠯᠡᠵᠦ᠂ ᠪᠠᠭᠤᠷᠠᠢ ᠲᠠᠯ᠎ᠠ ᠪᠠᠨ ᠬᠦᠴᠦᠷᠬᠡᠭᠵᠢᠭᠦᠯᠵᠦ᠂ ᠲᠣᠭᠤᠷᠢᠨ | ᠪᠠᠶᠢᠴᠠᠭᠠᠯᠲᠠ ᠶᠢ ᠬᠦᠯᠢᠶᠡᠬᠦ ᠪᠠᠷ ᠠᠵᠠ ᠲᠣᠬᠢᠶᠠᠯ ᠪᠣᠯᠭᠠᠵᠤ ᠬᠦᠴᠢᠷ ᠠᠰᠠᠭᠤᠳᠠᠯ ᠢ ᠰᠢᠢᠳᠪᠦᠷᠢᠯᠡᠵᠦ᠂ | ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠪᠣᠯᠤᠨ ᠶᠡᠷᠦᠩᠬᠡᠢ | ᠱᠦᠵᠢ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠲᠤᠬᠠᠢ ᠴᠢᠬᠤᠯᠠ ᠥᠭᠦᠯᠡᠯᠲᠡ | ᠵᠢᠴᠢ ︽ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠬᠤ | ᠠᠵᠢᠯ ᠤᠨ ᠲᠣᠭᠲᠠᠭᠠᠯ︾ ᠢ ᠲᠠᠬᠢᠨ ᠰᠤᠷᠤᠯᠴᠠᠵᠤ᠂ ᠠᠮᠢ ᠠᠬᠤᠢ ᠶᠢᠨ ᠣᠷᠴᠢᠨ ᠲᠣᠭᠤᠷᠢᠨ ᠤ ᠬᠦᠷᠢᠶᠡᠨ ᠳᠠᠬᠢ | ᠶᠡᠭᠡ ᠪᠠᠶᠢᠴᠠᠭᠠᠯᠲᠠ ᠶᠡᠭᠡ ᠴᠡᠭᠴᠡᠯᠡᠨ ᠰᠠᠶᠢᠵᠢᠷᠠᠭᠤᠯᠤᠯᠲᠠ᠂ ᠤᠢ ᠰᠢᠭᠤᠢ ᠨᠤᠲᠤᠭ ᠪᠡᠯᠴᠢᠭᠡᠷ ᠢ ᠡᠪᠳᠡᠵᠦ ᠬᠠᠤᠯᠢ | ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠭᠰᠠᠨ ᠠᠵᠢᠯ ᠤᠨ ᠪᠠᠶᠢᠳᠠᠯ ᠤᠨ | ᠬᠠᠷᠢᠭᠤ ᠮᠡᠳᠡᠭᠦᠯᠦᠯᠲᠡ ᠶᠢ ᠰᠣᠨᠣᠰᠴᠤ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ | ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠴᠠᠭ ᠬᠤᠭᠤᠴᠠᠭ᠎ᠠ ᠶᠢ ᠴᠢᠩᠭ᠎ᠠ ᠠᠩᠬᠠᠷᠴᠤ᠂ ᠴᠡᠭᠴᠡᠯᠡᠨ | ᠰᠠᠶᠢᠵᠢᠷᠠᠭᠤᠯᠬᠤ ᠠᠬᠢᠴᠠ ᠶᠢ ᠲᠦᠷᠭᠡᠳᠬᠡᠵᠦ᠂ ᠠᠮᠢ ᠠᠬᠤᠢ ᠣᠷᠴᠢᠨ ᠲᠣᠭᠤᠷᠢᠨ ᠤ ᠠᠰᠠᠭᠤᠳᠠᠯ ᠢ ᠴᠡᠭᠴᠡᠯᠡᠨ | ᠰᠠᠶᠢᠵᠢᠷᠠᠭᠤᠯᠬᠤ ᠠᠵᠢᠯ ᠢ ᠲᠤᠭᠤᠰᠢᠲᠠᠢ ᠦᠷ᠎ᠡ ᠪᠦᠲᠦᠮᠵᠢ ᠭᠠᠷᠭᠠᠬᠤ ᠶᠢ ᠦᠨᠡᠨ ᠬᠦ ᠠᠬᠢᠭᠤᠯᠬᠤ ᠬᠡᠷᠡᠭᠲᠡᠢ︔ ᠤᠢ | ᠰᠢᠭᠤᠢ ᠨᠤᠲᠤᠭ ᠪᠡᠯᠴᠢᠭᠡᠷ ᠢ ᠡᠪᠳᠡᠵᠦ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠥᠨᠳᠥᠷ | ᠪᠦᠲᠦᠮᠵᠢᠲᠡᠢ ᠴᠣᠬᠢᠯᠲᠠ ᠥᠭᠴᠦ᠂ ᠡᠷᠡᠰ ᠬᠤᠷᠢᠭᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ︽ᠤᠯᠠᠭᠠᠨᠴᠠᠪ ᠬᠤᠳᠠ ᠶᠢᠨ ᠨᠠᠮ ᠵᠠᠰᠠᠭ ᠤᠨ ᠤᠳᠤᠷᠢᠳᠬᠤ ᠺᠠᠳ᠋ᠷ 2025 ᠣᠨ ᠤ | ᠠᠶᠤᠯᠭᠦᠢ ᠦᠢᠯᠡᠳᠪᠦᠷᠢᠯᠡᠯ ᠤᠨ ᠭᠤᠣᠯᠳᠠᠯᠭ᠎ᠠ ᠲᠠᠢ ᠡᠭᠦᠷᠭᠡ ᠶᠢᠨ ᠨᠠᠷᠢᠨ ᠲᠠᠩᠰᠠ︾ ᠶᠢ ᠬᠢᠨᠠᠨ ᠵᠥᠪᠯᠡᠵᠦ᠂ ︽ | ᠠᠮᠤᠷ ᠲᠦᠪᠰᠢᠨ ᠤ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠵᠦ ᠪᠣᠯᠬᠤ︾ ᠤᠢᠢᠯᠠᠭᠠᠭᠳᠠᠬᠤᠨ ᠢ ᠪᠠᠲᠤ ᠪᠤᠢ | ᠪᠣᠯᠭᠠᠵᠤ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠴᠢᠨᠠᠭᠰᠢᠳᠠ ᠪᠣᠳᠠᠲᠠᠶᠢᠵᠢᠭᠤᠯᠵᠤ᠂ ᠠᠶᠤᠯᠭᠦᠢ | ᠦᠢᠯᠡᠳᠪᠦᠷᠢᠯᠡᠯ ᠤᠨ ᠬᠤᠷᠢᠭ᠎ᠠ ᠱᠤᠭᠤᠮ᠂ ᠤᠯᠠᠭᠠᠨ ᠱᠤᠭᠤᠮ᠂ ᠰᠡᠷᠭᠡᠶᠢᠯᠡᠯᠲᠡ ᠶᠢᠨ ᠱᠤᠭᠤᠮ ᠢ ᠡᠷᠡᠰ ᠪᠠᠲᠤ | ᠰᠠᠬᠢᠵᠤ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ | ᠬᠠᠮᠠᠭᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ | | ᠣᠷᠴᠢᠭᠤᠯᠤᠭᠴᠢ᠄ ᠭᠤᠸ᠎ᠠ | ᠬᠢᠨᠠᠭᠴᠢ᠄ ᠠᠷᠢᠭᠤᠨ |