ᠹᠧᠩᠵᠧᠨ ᠬᠤᠲᠠ᠄ ᠠᠷᠠᠳ ᠲᠤ ᠲᠥᠬᠦᠮ ᠦᠵᠡᠭᠦᠯᠦᠨ ᠭᠠᠶᠢᠯᠢ ᠶᠢᠨ ᠭᠠᠷᠳᠠᠮ ᠭᠦᠢᠴᠡᠳᠬᠡᠬᠦ ᠦᠢᠯᠡᠴᠢᠯᠡᠭᠡ ᠶᠢ ᠰᠢᠯᠢᠳᠡᠭᠵᠢᠭᠦᠯᠵᠦ ᠦᠷ᠎ᠡ ᠪᠦᠲᠦᠮᠵᠢ ᠶᠢ ᠳᠡᠭᠡᠭᠰᠢᠯᠡᠭᠦᠯᠪᠡ
ᠨᠡᠶᠢᠲᠡᠯᠡᠭᠰᠡᠨ ᠴᠠᠭ᠄
2025/4/17
   ᠤᠶᠢᠷ᠎ᠠ ᠶᠢᠨ ᠵᠢᠯ ᠤᠨ ᠲᠤᠷᠰᠢ᠂ ᠹᠧᠩᠵᠧᠨ ᠬᠤᠲᠠ ᠭᠠᠶᠢᠯᠢ ᠲᠠᠲᠠᠪᠤᠷᠢ ᠶᠢᠨ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠭᠠᠶᠢᠯᠢ ᠲᠤᠰᠢᠶᠠᠭᠴᠢ ᠶᠢᠨ ᠬᠡᠷᠡᠭᠴᠡᠭᠡ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ︽ᠣᠶᠤᠨᠴᠢ ᠬᠤᠷᠳᠤᠴᠠ ᠶᠢ ᠲᠦᠷᠭᠡᠳᠬᠡᠬᠦ᠂ ᠦᠢᠯᠡᠴᠢᠯᠡᠭᠡᠨ ᠤ ᠦᠷ᠎ᠡ ᠠᠰᠢᠭ ᠢ ᠨᠡᠮᠡᠭᠳᠡᠭᠦᠯᠬᠦ᠂ ᠪᠡᠶᠡᠴᠢᠯᠡᠨ ᠣᠶᠢᠯᠠᠭᠠᠵᠤ ᠲᠠᠰ ᠳᠡᠪᠰᠢᠭᠦᠯᠬᠦ︾ ᠪᠠᠷ ᠬᠠᠷᠠᠯᠲᠠ ᠪᠣᠯᠭᠠᠵᠤ᠂ ᠰᠢᠨ᠎ᠡ ᠶᠢ ᠡᠭᠦᠳᠬᠦ ᠰᠢᠷᠢᠰ ᠠᠷᠭ᠎ᠠ ᠬᠡᠮᠵᠢᠶ᠎ᠡ ᠭᠠᠷᠭᠠᠵᠤ᠂ ︽ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ︾ ᠶᠢ ᠬᠠᠮᠵᠢᠯᠴᠠᠨ ᠬᠦᠴᠦᠯᠡᠬᠦ ᠪᠠᠷ ᠳᠠᠮᠵᠢᠭᠤᠯᠤᠨ᠂ ᠥᠨᠳᠥᠷ ᠪᠦᠲᠦᠮᠵᠢᠲᠡᠶ ᠳᠥᠭᠦᠮ ᠳᠥᠲᠡ ᠭᠠᠶᠢᠯᠢ ᠲᠠᠲᠠᠪᠤᠷᠢ ᠶᠢᠨ ᠦᠢᠯᠡᠴᠢᠯᠡᠭᠡᠨ ᠤ ᠰᠢᠰᠲ᠋ᠧᠮ ᠢ ᠬᠦᠴᠦᠯᠡᠨ ᠪᠠᠶᠢᠭᠤᠯᠵᠤ᠂ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡ ᠶᠢ ᠲᠦᠭ ᠲᠦᠮᠡᠨ ᠠᠶᠢᠯ ᠡᠷᠦᠬᠡ ᠳᠤ ᠬᠦᠷᠭᠡᠪᠡ᠃    ᠣᠶᠤᠨᠴᠢ ᠪᠠᠷ ᠲᠦᠷᠭᠡᠨ ᠬᠤᠷᠳᠤᠴᠠ ᠪᠠᠷ ᠰᠦᠯᠵᠢᠶᠡᠨ ᠳᠡᠭᠡᠷ᠎ᠡ ᠭᠠᠶᠢᠯᠢ ᠭᠦᠢᠴᠡᠳᠬᠡᠬᠦ ᠦᠢᠯᠡᠴᠢᠯᠡᠭᠡᠨ ᠤ ᠰᠢᠨ᠎ᠡ ᠣᠶᠢᠯᠠᠭᠠᠯᠲᠠ ᠶᠢ ᠪᠤᠢ ᠪᠣᠯᠭᠠᠪᠠ᠄    ᠹᠧᠩᠵᠧᠨ ᠬᠤᠲᠠ ᠶᠢᠨ ᠭᠠᠶᠢᠯᠢ ᠶᠢᠨ ᠶᠠᠪᠤᠳᠠᠯ ᠤᠨ ᠲᠣᠪᠴᠢᠶ᠎ᠠ ︽ᠲᠠᠲᠠᠪᠤᠷᠢᠯᠠᠨ ᠬᠤᠷᠢᠶᠠᠬᠤ ᠬᠠᠷᠢᠯᠴᠠᠨ ᠬᠥᠳᠡᠯᠦᠯᠴᠡᠬᠦ︾ ᠲᠠᠪᠴᠠᠩ ᠢ ᠢᠳᠡᠪᠬᠢᠲᠡᠶ ᠬᠡᠷᠡᠭᠯᠡᠨ᠂ ︽ᠠᠰᠠᠭᠤᠵᠤ ᠭᠦᠢᠴᠡᠳᠭᠡᠬᠦ ᠶᠢ ᠨᠢᠭᠡ ᠴᠣᠭᠴᠠᠵᠢᠭᠤᠯᠬᠤ︾ ᠦᠢᠯᠡᠴᠢᠯᠡᠭᠡᠨ ᠤ ᠵᠠᠭᠪᠤᠷ ᠢ ᠪᠣᠶ ᠪᠣᠯᠭᠠᠪᠠ᠃ ᠭᠠᠶᠢᠯᠢ ᠲᠤᠰᠢᠶᠠᠭᠴᠢ ᠡᠯᠧᠺᠲᠷᠣᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠪᠠᠷ ᠳᠠᠮᠵᠢᠭᠤᠯᠤᠨ᠂ ᠴᠠᠭ ᠲᠤᠬᠠᠶ ᠳᠤᠨᠢ ᠬᠤᠯᠪᠣᠭ᠎ᠠ ᠠᠪᠬᠤ᠂ ᠳᠡᠯᠭᠡᠴᠡ ᠶᠢ ᠬᠠᠮᠲᠤ ᠪᠠᠷ ᠡᠳ᠋ᠯᠡᠬᠦ᠂ ᠠᠯᠤᠰ ᠠᠴᠠ ᠬᠠᠪᠰᠤᠷᠤᠨ ᠭᠦᠢᠴᠡᠳᠬᠡᠬᠦ ᠵᠡᠷᠭᠡ ᠳᠥᠭᠦᠮ ᠳᠥᠲᠡ ᠦᠢᠯᠡᠴᠢᠯᠡᠭᠡ ᠶᠢ ᠭᠥᠷᠳᠡᠵᠦ᠂ ᠨᠠᠷᠢᠨ ᠪᠤᠳᠤᠯᠢᠶᠠᠨᠲᠠᠶ ᠲᠤᠬᠠᠶᠢᠯᠠᠭᠰᠠᠨ ᠠᠵᠢᠯ ᠢ ᠰᠦᠯᠵᠢᠶᠡᠨ ᠳᠡᠭᠡᠷ᠎ᠡ ︽ᠨᠢᠭᠡ ᠯᠡ ᠤᠳᠠᠭ᠎ᠠ ᠳᠤ ᠭᠦᠢᠴᠡᠳᠬᠡᠵᠦ ᠳᠠᠭᠤᠰᠬᠠᠬᠤ︾ ᠶᠢ ᠪᠡᠶᠡᠯᠡᠭᠦᠯᠦᠨ᠎ᠡ᠃ ᠡᠭᠦᠨ ᠤ ᠬᠠᠮᠲᠤ᠂ ᠤᠶᠤᠨᠲᠤ ᠮᠠᠰᠢᠨ ᠬᠥᠮᠦᠨ 24 ᠴᠠᠭ ᠲᠤ ᠥᠨᠳᠥᠷ ᠳᠠᠪᠲᠠᠮᠵᠢᠲᠤ ᠠᠰᠠᠭᠤᠳᠠᠯ ᠳᠤ ᠬᠠᠷᠢᠭᠤᠯᠲᠠ ᠥᠭᠴᠦ᠂ ᠰᠦᠯᠵᠢᠶᠡᠨ ᠳᠡᠭᠡᠷ᠎ᠡ ᠭᠦᠶ᠋ᠴᠡᠳᠬᠡᠬᠦ ᠦᠷ᠎ᠡ ᠪᠦᠲᠦᠮᠵᠢ 60% ᠠᠴᠠ ᠳᠡᠭᠡᠭᠰᠢᠬᠢ ᠶᠢ ᠳᠡᠭᠡᠭᠰᠢᠯᠡᠭᠦᠯᠵᠦ᠂ ︽ᠲᠤᠭ᠎ᠠ ᠪᠠᠷᠢᠮᠲᠠ ᠶᠢ ᠢᠯᠡᠭᠦᠤ ᠭᠦᠶᠦᠯᠭᠡᠵᠦ᠂ ᠣᠯᠠᠨ ᠲᠦᠮᠡᠨ ᠢ ᠳᠤᠲᠠᠭᠤ ᠭᠦᠶᠦᠯᠭᠡᠬᠦ︾ ᠶᠢ ᠪᠡᠶᠡᠯᠡᠭᠦᠯᠵᠦ᠂ ᠭᠠᠶᠢᠯᠢ ᠲᠤᠰᠢᠶᠠᠬᠤ ᠤᠳᠠᠭ᠎ᠠ ᠶᠢ ᠦᠨᠡᠨ ᠬᠦ ᠪᠠᠭᠠᠰᠬᠠᠵᠤ᠂ ᠭᠠᠶᠢᠯᠢ ᠲᠤᠰᠢᠶᠠᠬᠤ ᠴᠠᠭ ᠢ ᠪᠠᠭᠠᠰᠬᠠᠪᠠ᠃    ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠨ ᠰᠦᠯᠵᠢᠶᠡᠨ ᠭᠠᠳᠠᠨᠠᠬᠢ ᠭᠠᠶᠢᠯᠢ ᠭᠦᠢᠴᠡᠳᠬᠡᠬᠦ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠪᠡ᠄    ᠭᠠᠶᠢᠯᠢ ᠲᠤᠰᠢᠶᠠᠭᠴᠢ ᠶᠢᠨ ᠥᠨᠳᠥᠷ ᠳᠠᠪᠲᠠᠮᠵᠢᠲᠤ ᠲᠤᠬᠠᠶᠢᠯᠠᠭᠰᠠᠨ ᠠᠵᠢᠯ ᠪᠠ ᠪᠠᠴᠢᠮ ᠬᠦᠴᠢᠷᠳᠡᠯ ᠲᠠᠢ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ︽ᠤᠷᠢᠳᠴᠢᠯᠠᠨ ᠬᠢᠨᠠᠬᠤ ᠶᠢ ᠰᠠᠯᠭᠠᠨ ᠲᠣᠬᠢᠷᠠᠭᠤᠯᠬᠤ᠂ ᠬᠥᠳᠡᠯᠦᠩᠭᠦᠶ ᠪᠠᠷ ᠲᠣᠬᠢᠷᠠᠭᠤᠯᠬᠤ︾ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠭᠠᠶᠢᠯᠢ ᠭᠦᠢᠴᠡᠳᠬᠡᠬᠦ ᠦᠢᠯᠡᠴᠢᠯᠡᠭᠡᠨ ᠤ ᠴᠣᠩᠬᠤᠪᠴᠢ ᠶᠢᠨ ᠴᠢᠳᠠᠮᠵᠢ ᠪᠠ ᠲᠤᠬᠠᠶ ᠶᠢᠨ ᠲᠠᠯᠠᠪᠤᠷ ᠤᠨ ᠦᠢᠯᠡᠴᠢᠯᠡᠭᠡᠨ ᠤ ᠴᠤᠪᠤᠷᠠᠯ ᠢ ᠪᠥᠬᠦ ᠲᠠᠯ᠎ᠠ ᠪᠠᠷ ᠰᠢᠯᠢᠳᠡᠭᠵᠢᠭᠦᠯᠵᠦ᠂ ᠶᠡᠭᠡ ᠲᠢᠩᠬᠢᠮ ᠤᠨ ᠭᠠᠶᠢᠯᠢ ᠭᠦᠢᠴᠡᠳᠬᠡᠬᠦ ᠳᠤᠮᠳᠠᠴᠢ ᠴᠠᠭ ᠢ 4 ᠮᠢᠨᠦ᠋ᠲ ᠤᠨ ᠳᠣᠲᠣᠷ᠎ᠠ ᠬᠦᠷᠲᠡᠯ᠎ᠡ ᠪᠣᠭᠤᠨᠢᠰᠬᠠᠵᠤ᠂ ᠴᠣᠩᠬᠤᠪᠴᠢ ᠶᠢᠨ ᠲᠦᠭᠵᠢᠷᠡᠯ ᠤᠨ ᠨᠣᠷᠮ᠎ᠠ ᠶᠢ 40% ᠪᠠᠭᠤᠷᠠᠭᠤᠯᠪᠠ᠃ ᠡᠭᠦᠨ ᠤ ᠬᠠᠮᠲᠤ᠂ ᠭᠠᠶᠢᠯᠢ ᠪᠠ ᠠᠵᠤ ᠠᠬᠤᠶᠢᠯᠠᠯ ᠤᠨ ᠶᠠᠷᠢᠯᠴᠠᠬᠤ ᠬᠤᠷᠠᠯ ᠢ ᠢᠳᠡᠪᠬᠢᠲᠡᠶ ᠥᠷᠨᠢᠭᠦᠯᠵᠦ᠂ ︽ᠭᠠᠶᠢᠯᠢ ᠲᠤᠰᠢᠶᠠᠭᠴᠢ ᠶᠢᠨ ᠰᠤᠷᠭᠠᠭᠤᠯᠢ ᠰᠢᠨ᠎ᠡ ᠪᠠᠷ ᠡᠷᠭᠢᠯᠡᠬᠦ︾᠂ ︽ ᠡᠯᠧᠺᠲᠷᠣᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠠᠵᠢᠯᠯᠠᠭᠠᠨ ᠤ ᠳᠠᠳᠤᠯᠭ᠎ᠠ ᠪᠣᠯᠪᠠᠰᠤᠷᠠᠭᠤᠯᠤᠯ︾᠂ ︽ᠨᠡᠶᠢᠭᠡᠮ ᠤᠨ ᠳᠠᠭᠠᠳᠬᠠᠯ ᠤᠨ ᠵᠠᠷᠤᠳᠠᠯ ᠢ ᠲᠠᠲᠠᠪᠤᠷᠢᠯᠠᠨ ᠲᠤᠰᠢᠶᠠᠬᠤ ᠠᠵᠢᠯᠯᠠᠭᠠᠨ ᠤ ᠵᠢᠯᠣᠭᠤᠳᠤᠮᠵᠢ︾ ᠵᠡᠷᠭᠡ ᠲᠤᠰᠬᠠᠶ ᠰᠡᠳᠦᠪᠲᠦ ᠬᠠᠪᠰᠤᠷᠤᠨ ᠵᠢᠯᠣᠭᠤᠳᠣᠯᠭ᠎ᠠ ᠶᠢ ᠡᠷᠭᠢᠯᠡᠵᠦ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠪᠠ ᠠᠵᠢᠯᠯᠠᠭᠠᠨ ᠤ ᠬᠠᠪᠰᠤᠷᠤᠨ ᠵᠢᠯᠣᠭᠤᠳᠣᠯᠭ᠎ᠠ ᠶᠢ ᠶᠡᠭᠡ ᠪᠠᠷ ᠴᠢᠩᠭᠠᠳᠬᠠᠵᠤ᠂ ᠲᠥᠷᠥ ᠶᠢᠨ ᠪᠣᠳᠣᠯᠭ᠎ᠠ ᠶᠢᠨ ᠠᠰᠢᠭ ᠲᠤᠰᠠ ᠶᠢ ᠰᠢᠭᠤᠳ ᠬᠦᠷᠭᠡᠵᠦ ᠲᠦᠷᠭᠡᠨ ᠡᠳ᠋ᠯᠡᠬᠦ ᠶᠢ ᠦᠨᠡᠨ ᠬᠦ ᠪᠠᠲᠤᠯᠠᠪᠠ᠃ ᠣᠳᠣᠬᠠᠨ ᠪᠣᠯᠲᠠᠯ᠎ᠠ᠂ 1 ᠲᠦᠮᠡ ᠭᠠᠷᠤᠶ ᠤᠳᠠᠭ᠎ᠠ ᠮᠡᠳᠡᠭᠡ ᠵᠠᠩᠭᠢ ᠶᠢ ᠨᠠᠷᠢᠯᠢᠭ ᠣᠨᠣᠴᠠᠲᠠᠶ ᠪᠠᠷ ᠬᠦᠷᠭᠡᠵᠦ᠂ ᠨᠡᠶᠢᠲᠡ 3 ᠲᠠᠯᠠᠪᠤᠷ ᠪᠣᠯᠪᠠᠰᠤᠷᠠᠯ ᠥᠷᠨᠢᠭᠦᠯᠵᠦ᠂ 2000 ᠡᠷᠦᠬᠡ ᠠᠵᠤ ᠠᠬᠤᠶᠢᠯᠠᠯ ᠳᠤ ᠠᠰᠢᠭ ᠬᠦᠷᠲᠡᠭᠡᠵᠦ᠂ 30 ᠡᠷᠦᠬᠡ ᠭᠠᠶᠢᠯᠢ ᠲᠠᠲᠠᠪᠤᠷᠢ ᠶᠢᠨ ᠠᠵᠤ ᠠᠬᠤᠶᠢᠯᠠᠯ ᠢ ︽ᠨᠢᠭᠤᠷᠳᠠᠨ ᠶᠠᠷᠢᠯᠴᠠᠬᠤ︾ ᠶᠢ ᠥᠷᠨᠢᠭᠦᠯᠵᠦ᠂ 30 ᠤᠳᠠᠭ᠎ᠠ ᠶᠠᠷᠢᠯᠴᠠᠬᠤ ᠬᠤᠷᠠᠯ ᠢ ᠵᠣᠬᠢᠶᠠᠨ ᠪᠠᠶᠢᠭᠤᠯᠵᠤ᠂ 2 ᠲᠠᠯᠠᠪᠤᠷ ᠦᠢᠯᠡᠴᠢᠯᠡᠭᠡᠨ ᠤ ᠵᠢᠯᠣᠭᠤᠳᠣᠯᠭ᠎ᠠ ᠶᠢ ᠪᠦᠲᠦᠮᠵᠢᠲᠡᠶ ᠴᠢᠩᠭᠠᠳᠬᠠᠵᠤ᠂ ᠭᠠᠶᠢᠯᠢ ᠭᠦᠢᠴᠡᠳᠭᠡᠬᠦ ᠴᠤᠪᠤᠷᠠᠯ ᠢ ᠰᠢᠯᠢᠳᠡᠭᠵᠢᠭᠦᠯᠦᠨ᠂ ᠭᠠᠶᠢᠯᠢ ᠲᠠᠲᠠᠪᠤᠷᠢ ᠶᠢᠨ ᠦᠢᠯᠡᠴᠢᠯᠡᠭᠡᠨ ᠤ ᠶᠠᠰᠤ ᠴᠢᠨᠠᠷ ᠪᠠ ᠬᠢᠷᠢ ᠲᠦᠪᠰᠢᠨ ᠢ ᠳᠡᠭᠡᠭᠰᠢᠯᠡᠭᠦᠯᠪᠡ᠃                                              ᠣᠷᠴᠢᠭᠤᠯᠤᠭᠴᠢ᠄ ᠭᠤᠸ᠎ᠠ                                              ᠬᠢᠨᠠᠭᠴᠢ᠄ ᠠᠷᠢᠭᠤᠨ  
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2