4 ᠰᠠᠷ᠎ᠠ ᠶᠢᠨ 16 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠵᠧᠦ ᠺᠠᠶ᠂ ᠬᠤᠲᠠ ᠶᠢᠨ | ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠯᠢᠦ ᠬᠠᠶ ᠴᠢᠤᠸᠠᠨ᠂ ᠬᠤᠲᠠ ᠶᠢᠨ ᠤᠯᠤᠰ | ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠶᠤᠸᠠᠢ ᠶᠠᠨ ᠮᠧᠶ ᠵᠡᠷᠭᠡ ᠬᠤᠲᠠ ᠶᠢᠨ ᠤᠳᠤᠷᠢᠳᠤᠯᠭ᠎ᠠ ᠵᠢᠨᠢᠩ | ᠲᠣᠭᠤᠷᠢᠭ ᠤᠨ ᠪᠠᠶ ᠬᠠᠶ ᠽᠢ ᠪᠠᠯᠭᠠᠰᠤᠨ ᠤ ᠨᠠᠨ ᠸᠠ ᠲᠣᠰᠬᠤᠨ ᠤ ᠠᠯᠪᠠᠨ ᠵᠢᠷᠤᠮ ᠤᠨ ᠮᠣᠳᠣ ᠳᠠᠷᠢᠬᠤ ᠰᠠᠭᠤᠷᠢᠨ | ᠭᠠᠵᠠᠷ ᠲᠤ ᠬᠦᠷᠴᠦ᠂ ᠺᠠᠳ᠋ᠷ ᠣᠯᠠᠨ ᠲᠦᠮᠡᠨ ᠲᠠᠢ ᠬᠠᠮᠲᠤ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠳᠤ | ᠣᠷᠣᠯᠴᠠᠪᠠ᠃ | ᠳᠥᠷᠪᠡᠳᠦᠭᠡᠷ ᠰᠠᠷ᠎ᠠ ᠶᠢᠨ ᠤᠯᠠᠭᠠᠨᠴᠠᠪ ᠤᠷᠢᠬᠠᠨ ᠰᠠᠯᠬᠢ ᠡᠶᠡᠪᠡᠷᠬᠦᠦ ᠲᠦᠮᠡᠨ ᠪᠤᠳᠠᠰ ᠠᠮᠢᠯᠠᠵᠤ ᠪᠤᠢ᠃ | ᠮᠣᠳᠣ ᠲᠠᠷᠢᠬᠤ ᠲᠤᠬᠠᠢ ᠶᠢᠨ ᠲᠠᠯᠠᠪᠠᠢ ᠳᠤ᠂ ᠬᠤᠳᠠ ᠶᠢᠨ ᠰᠢᠭᠤᠳ ᠬᠠᠷᠢᠶ᠎ᠠ ᠪᠠᠶᠢᠭᠤᠯᠭ᠎ᠠ ᠶᠢᠨ ᠺᠠᠳ᠋ᠷ ᠪᠣᠯᠤᠨ | ᠵᠢᠨᠢᠩ ᠲᠣᠭᠤᠷᠢᠭ ᠤᠨ ᠪᠠᠶᠢᠭᠤᠯᠭ᠎ᠠ ᠶᠢᠨ ᠺᠠᠳ᠋ᠷ 600 ᠰᠢᠬᠠᠮ ᠬᠥᠮᠦᠨ ᠬᠠᠮᠲᠤᠪᠠᠷ ᠠᠳᠡ ᠣᠶᠢᠵᠢᠭᠤᠯᠵᠤ | ᠨᠣᠭᠤᠭᠠᠷᠠᠭᠤᠯᠪᠠ᠃ ᠣᠯᠠᠨ ᠢᠶᠠᠷ ᠢᠶᠠᠨ ᠬᠦᠷᠵᠡ ᠬᠤᠷᠦ᠋ᠢᠯᠠᠵᠤ ᠰᠢᠷᠣᠢ ᠮᠠᠯᠲᠠᠵᠤ᠂ ᠬᠠᠰᠢᠯᠭ᠎ᠠ ᠶᠢ ᠬᠦᠷᠢᠶᠡᠯᠡᠨ᠂ | ᠴᠢᠬᠢ ᠮᠣᠳᠣ ᠲᠡᠭᠰᠢᠯᠡᠵᠦ᠂ ᠤᠰᠤ ᠲᠠᠲᠠᠨ ᠤᠰᠤᠯᠠᠵᠤ᠂ ᠶᠠᠭᠠᠷᠠᠯᠲᠠᠶ ᠪᠠᠶᠢᠯ᠎ᠠ᠃ ᠣᠯᠠᠨ ᠤ ᠬᠠᠮᠲᠤ ᠶᠢᠨ | ᠴᠢᠷᠮᠠᠶᠢᠯᠭ᠎ᠠ ᠪᠠᠷ᠂ ᠨᠢᠭᠡ ᠰᠠᠭᠤᠷᠢ ᠵᠢᠭᠠᠷᠲᠤ ᠨᠠᠷᠠᠰᠤ᠂ ᠭᠠᠴᠤᠷ᠎ᠠ᠂ ᠵᠡᠷᠯᠢᠭ ᠲᠤᠭᠤᠷ ᠵᠡᠷᠭᠡ ᠴᠢᠬᠢ ᠮᠣᠳᠣ ᠲᠡᠷᠢ | ᠲᠡᠭᠰᠢ ᠵᠢᠭᠰᠠᠵᠤ᠂ ᠰᠠᠯᠬᠢᠨ ᠤ ᠠᠶ᠎ᠠ ᠪᠠᠷ ᠰᠡᠬᠦ᠋ᠢᠨ ᠰᠦᠨᠳᠡᠷᠯᠡᠵᠦ᠂ ᠦᠵᠡᠰᠬᠦᠯᠡᠩᠲᠦ ᠰᠠᠶᠢᠬᠠᠨ ᠤᠯᠠᠭᠠᠨᠴᠠᠪ ᠲᠤ | ᠠᠮᠢᠵᠢᠷᠠᠯ ᠤᠨ ᠬᠦᠴᠦᠨ ᠨᠡᠮᠡᠷᠢᠯᠡᠭᠰᠡᠨ ᠪᠠᠶᠢᠨ᠎ᠠ᠃ | ᠤᠢᠢᠷ᠎ᠠ ᠶᠢᠨ ᠵᠢᠯ ᠠᠴᠠ᠂ ᠪᠦᠬᠦ ᠬᠤᠳᠠ ᠪᠠᠷ ᠢᠶᠠᠨ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ | ᠦᠵᠡᠯ ᠰᠠᠨᠠᠭ᠎ᠠ ᠶᠢ ᠭᠦᠨᠵᠡᠭᠡᠢ ᠦᠢᠯᠡᠳᠦᠯᠭᠡᠵᠢᠭᠦᠯᠵᠦ᠂ ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ | ᠮᠥᠩᠭᠦᠨ ᠠᠭᠤᠯᠠ ᠭᠡᠬᠦ ᠤᠢᠢᠯᠠᠭᠠᠭᠳᠠᠬᠤᠨ ᠢ ᠪᠠᠲᠤ ᠪᠤᠢ ᠪᠣᠯᠭᠠᠵᠤ᠂ ︽ᠤᠮᠠᠷᠠᠲᠤ ᠶᠢᠨ ᠭᠤᠷᠪᠠᠨ ᠣᠷᠣᠨ︾ ᠤ | ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ | ᠬᠠᠪᠤᠷ ᠤᠨ ᠤᠯᠠᠷᠢᠯ ᠤᠨ ᠣᠶᠢᠵᠢᠭᠤᠯᠤᠯᠲᠠ ᠶᠢᠨ ᠠᠰᠢᠭᠲᠠᠢ ᠴᠠᠭ ᠲᠣᠬᠢᠶᠠᠯ ᠢ ᠠᠮᠵᠢᠵᠤ᠂ ᠪᠦᠬᠦ ᠠᠷᠠᠳ ᠢ | ᠬᠦᠳᠦᠯᠦᠨ ᠵᠢᠯᠣᠭᠤᠳᠴᠤ ᠪᠠᠶᠢᠭᠠᠳ ᠨᠣᠭᠤᠭᠠᠷᠠᠭᠤᠯᠤᠯᠲᠠ ᠶᠢ ᠨᠡᠮᠡᠭᠳᠡᠭᠦᠯᠵᠦ᠂ ᠨᠣᠭᠤᠭᠠᠷᠠᠭᠤᠯᠤᠯᠲᠠ ᠶᠢ | ᠬᠠᠶᠢᠷᠠᠯᠠᠵᠤ ᠨᠣᠭᠤᠭᠠᠷᠠᠭᠤᠯᠤᠯᠲᠠ ᠶᠢ ᠬᠠᠮᠠᠭᠠᠯᠠᠵᠤ᠂ ᠪᠣᠬᠢᠷᠲᠤᠯ ᠦᠭᠡᠢ ᠰᠠᠭᠤᠷᠢ ᠦᠩᠭᠡ ᠶᠢ ᠳᠠᠰᠤᠷᠠᠯᠳᠠ ᠦᠭᠡᠢ | ᠵᠤᠵᠠᠭᠠᠳᠬᠠᠵᠠᠢ᠃ | ᠣᠶᠢᠯᠠᠭᠠᠭᠰᠠᠨ ᠢᠶᠠᠷ᠂ ᠡᠨᠡ ᠵᠢᠯ᠂ ᠮᠠᠨ ᠤ ᠬᠤᠲᠠ ︽ᠮᠣᠳᠣ ᠳᠠᠷᠢᠬᠤ ᠡᠭᠦᠷᠭᠡ ᠪᠠᠨ ᠭᠦᠢᠴᠡᠳᠬᠡᠵᠦ᠂ | ᠦᠵᠡᠰᠬᠦᠯᠡᠩᠲᠦ ᠰᠠᠶᠢᠬᠠᠨ ᠤᠯᠠᠭᠠᠨᠴᠠᠪ ᠢ ᠬᠠᠮᠲᠤ ᠪᠠᠷ ᠪᠥᠲᠥᠭᠡᠨ ᠪᠠᠶᠢᠭᠤᠯᠬᠤ︾ ᠪᠠᠷ ᠭᠤᠤᠯ ᠰᠡᠳᠦᠪ ᠪᠣᠯᠭᠠᠵᠤ᠂ | ᠡᠯ᠎ᠡ ᠬᠤᠰᠢᠭᠤ ᠰᠢᠶᠠᠨ ᠬᠤᠲᠠ ᠲᠣᠭᠤᠷᠢᠭ ᠪᠠ ᠡᠯ᠎ᠡ ᠱᠠᠲᠤᠨ ᠤ ᠪᠠᠶᠢᠭᠤᠯᠭ᠎ᠠ᠂ ᠨᠢᠭᠡᠴᠢ᠂ ᠪᠦᠯᠬᠦᠮ ᠢ ᠢᠳᠡᠪᠬᠢᠲᠡᠶ | ᠵᠣᠬᠢᠶᠠᠨ ᠪᠠᠶᠢᠭᠤᠯᠵᠤ ᠬᠠᠪᠤᠷ ᠤᠨ ᠤᠯᠠᠷᠢᠯ ᠤᠨ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠶᠢ ᠥᠷᠭᠡᠨ ᠢᠶᠠᠷ | ᠥᠷᠨᠢᠭᠦᠯᠪᠡ᠃ ᠡᠨᠡ ᠵᠢᠯ᠂ ᠪᠥᠬᠦ ᠬᠤᠲᠠ ᠪᠠᠷ ᠢᠶᠠᠨ ᠠᠯᠪᠠᠨ ᠵᠢᠷᠤᠮ ᠤᠨ ᠮᠣᠳᠣ ᠳᠠᠷᠢᠬᠤ ᠰᠠᠭᠤᠷᠢᠨ ᠭᠠᠵᠠᠷ ᠢ | 1200 ᠮᠥ ᠨᠣᠭᠤᠭᠠᠷᠠᠭᠤᠯᠵᠤ᠂ 8.9 ᠲᠦᠮᠡᠨ ᠰᠠᠭᠤᠷᠢ ︵ᠪᠣᠳᠠ︶ ᠨᠣᠭᠤᠭᠠᠷᠠᠭᠤᠯᠬᠤ ᠪᠠᠷ ᠲᠥᠯᠥᠪᠯᠡᠵᠦ ᠪᠣᠶ᠃ | ᠲᠣᠰ ᠡᠳᠦᠷ ᠪᠥᠬᠦ ᠬᠤᠲᠠ ᠳᠤ ᠨᠡᠶᠢᠲᠡ 1.75 ᠲᠦᠮᠡᠨ ᠬᠥᠮᠦᠨ ᠠᠯᠪᠠᠨ ᠵᠢᠷᠤᠮ ᠤᠨ ᠮᠣᠳᠣ ᠳᠠᠷᠢᠬᠤ | ᠠᠵᠢᠯᠯᠠᠭ᠎ᠠ ᠳᠤ ᠣᠷᠣᠯᠴᠠᠵᠤ᠂ ᠨᠡᠶᠢᠲᠡ 360 ᠮᠥ ᠨᠣᠭᠤᠭᠠᠷᠠᠭᠤᠯᠤᠯᠲᠠ ᠶᠢᠨ ᠲᠠᠯᠠᠪᠠᠶ ᠶᠢ ᠪᠡᠶᠡᠯᠡᠭᠦᠯᠪᠡ᠃ | ᠣᠷᠴᠢᠭᠤᠯᠤᠭᠴᠢ᠄ ᠭᠤᠸ᠎ᠠ | ᠬᠢᠨᠠᠭᠴᠢ᠄ ᠠᠷᠢᠭᠤᠨ | | |