ᠬᠤᠲᠠ ᠶᠢᠨ ᠨᠠᠮ ᠤᠨ ᠬᠤᠷᠢᠶ᠎ᠠ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠨᠣᠮ ᠤᠩᠰᠢᠬᠤ ᠠᠩᠭᠢ ᠡᠷᠬᠢᠯᠡᠪᠡ
ᠨᠡᠶᠢᠲᠡᠯᠡᠭᠰᠡᠨ ᠴᠠᠭ᠄
2025/4/2
    3 ᠰᠠᠷ᠎ᠠ ᠶᠢᠨ 31 ᠤ ᠡᠳᠦᠷ ᠠᠴᠠ 4 ᠰᠠᠷ᠎ᠠ ᠶᠢᠨ 1 ᠤ ᠡᠳᠦᠷ ᠪᠣᠯᠲᠠᠯ᠎ᠠ᠂ ᠬᠤᠲᠠ ᠶᠢᠨ ᠨᠠᠮ ᠤᠨ ᠬᠤᠷᠢᠶ᠎ᠠ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠨᠣᠮ ᠤᠩᠰᠢᠬᠤ ᠠᠩᠭᠢ ᠡᠷᠭᠢᠯᠡᠵᠦ᠂ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠴᠢᠬᠤᠯᠠ ᠥᠭᠦᠯᠡᠯᠲᠡ ᠪᠠ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠨ ᠣᠶᠢᠯᠠᠭᠠᠪᠠ᠃ ᠬᠤᠲᠠ ᠶᠢᠨ ᠨᠠᠮ ᠤᠨ ᠬᠤᠷᠢᠶᠠᠨ ᠤ ᠱᠦᠵᠢ ᠵᠧᠤ ᠺᠠᠶ ᠬᠤᠷᠠᠯ ᠡᠷᠭᠢᠯᠡᠪᠡ᠃     ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ ᠬᠤᠳᠠ ᠶᠢᠨ ᠳᠠᠷᠤᠭ᠎ᠠ ᠯᠢᠦ ᠬᠠᠢ ᠴᠢᠤᠸᠠᠨ᠂ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠯᠢᠶᠠᠩ᠂ ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠶᠤᠸᠠᠢ ᠶᠠᠨ ᠮᠧᠢ᠂ ᠬᠤᠳᠠ ᠶᠢᠨ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ ᠤᠯᠤᠰ ᠲᠦᠷᠦ ᠶᠢᠨ ᠵᠥᠪᠯᠡᠯᠭᠡᠨ ᠤ ᠤᠳᠤᠷᠢᠳᠬᠤ ᠨᠥᠬᠦᠳ ᠪᠣᠯᠤᠨ ᠰᠢᠭᠦᠬᠦ ᠬᠤᠷᠢᠶ᠎ᠠ ᠪᠠᠶᠢᠴᠠᠭᠠᠬᠤ ᠬᠤᠷᠢᠶᠠᠨ ᠤ ᠳᠠᠷᠤᠭ᠎ᠠ ᠣᠷᠣᠯᠴᠠᠪᠠ᠃     ᠨᠣᠮ ᠤᠩᠰᠢᠬᠤ ᠠᠩᠬᠢ ᠶᠢ ᠲᠤᠰᠬᠠᠢ ᠰᠡᠳᠦᠪ ᠢᠶᠠᠷ ᠬᠠᠪᠰᠤᠷᠤᠨ ᠵᠢᠯᠣᠭᠤᠳᠬᠤ᠂ ᠲᠥᠪᠯᠡᠷᠡᠭᠦᠯᠦᠨ ᠰᠤᠷᠤᠯᠴᠠᠬᠤ᠂ ᠰᠣᠯᠢᠯᠴᠠᠵᠤ ᠰᠤᠳᠤᠯᠤᠨ ᠶᠠᠷᠢᠯᠴᠠᠬᠤ ᠠᠷᠭ᠎ᠠ ᠬᠡᠯᠪᠡᠷᠢ ᠪᠠᠷ ᠶᠠᠪᠤᠭᠳᠠᠭᠤᠯᠪᠠ᠃ ᠲᠥᠪ ᠤᠨ ᠨᠠᠮ ᠤᠨ ᠰᠤᠷᠭᠠᠭᠤᠯᠢ ᠶᠢᠨ ᠫᠷᠣᠹᠧᠰᠰᠣᠷ ᠨᠠᠷ ᠲᠤᠰᠬᠠᠢ ᠰᠡᠳᠦᠪ ᠢᠶᠠᠷ ᠵᠢᠯᠣᠭᠤᠳᠪᠠ᠃ ᠬᠤᠶᠠᠷ ᠡᠳᠦᠷ ᠤᠨ ᠰᠤᠷᠤᠯᠴᠠᠯᠭ᠎ᠠ ᠪᠠᠷ ᠲᠠᠮᠵᠢᠨ᠂ ᠤᠯᠠᠨ ᠢᠶᠠᠷ ᠢᠶᠠᠨ ᠨᠡᠶᠢᠳᠡᠮ ᠨᠢᠭᠡ ᠤᠳᠠᠭᠠᠨ ᠤ ᠲᠥᠪ ᠴᠢᠩᠭ᠎ᠠ ᠨᠠᠮᠴᠢ ᠴᠢᠨᠠᠷ ᠤᠨ ᠪᠣᠯᠪᠠᠰᠤᠷᠠᠯ ᠢ ᠬᠦᠯᠢᠶᠡᠵᠦ᠂ ᠬᠤᠯᠪᠣᠭᠳᠠᠯ ᠪᠦᠬᠦᠢ ᠤᠨᠤᠯ ᠢ ᠨᠡᠩ ᠰᠢᠰᠲ᠋ᠧᠮ ᠲᠠᠢ᠂ ᠨᠡᠩ ᠨᠡᠪᠲᠡᠷᠬᠡᠢ᠂ ᠰᠦᠭ ᠰᠦᠨᠡᠰᠦ ᠶᠢ ᠨᠢ ᠨᠡᠩ ᠭᠦᠨ ᠬᠠᠳᠠᠩᠰᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠢᠲᠡᠭᠡᠯ ᠵᠣᠷᠢᠭ ᠨᠡᠩ ᠲᠡᠭᠦᠯᠳᠡᠷ᠂ ᠬᠠᠷᠢᠭᠤᠴᠠᠯᠭᠠᠲᠤ ᠰᠡᠳᠬᠢᠯᠭᠡ ᠨᠡᠩ ᠴᠢᠩᠭ᠎ᠠ ᠪᠠᠶᠢᠬᠤ ᠶᠢ ᠮᠡᠳᠡᠷᠡᠪᠡ᠃     ᠵᠧᠦ ᠺᠠᠢ᠂ ᠨᠠᠮ ᠤᠨ ᠰᠤᠷᠲᠠᠯ ᠠᠷᠠᠳ ᠤᠨ ᠰᠠᠨᠠᠭ᠎ᠠ ᠶᠢ ᠡᠭᠦᠷᠴᠦ᠂ ᠠᠵᠢᠯ ᠦᠢᠯᠡᠰ ᠤᠨ ᠢᠯᠠᠵᠤ ᠢᠯᠠᠭᠳᠠᠬᠤ ᠶᠢ  ᠲᠣᠭᠲᠠᠭᠠᠨ᠎ᠠ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠲᠥᠪ ᠤᠨ ᠨᠠᠢᠮᠠᠨ ᠲᠣᠭᠲᠠᠭᠠᠯ ᠢ ᠲᠣᠭᠲᠠᠭᠠᠨ ᠨᠠᠶᠢᠳᠠᠪᠤᠷᠢᠵᠢᠭᠤᠯᠵᠤ᠂ ᠦᠯᠢᠭᠡᠷ ᠳᠠᠭᠤᠷᠢᠶᠠᠯ ᠪᠤᠯᠵᠤ᠂ ᠳᠡᠭᠡᠳᠦ ᠱᠠᠳᠤ ᠨᠢ ᠳᠤᠤᠷᠠᠳᠦ ᠱᠠᠳᠤ ᠪᠠᠨ ᠳᠠᠭᠠᠭᠤᠯᠵᠤ᠂ ᠲᠦᠷᠦᠭᠦᠯᠡᠨ ᠦᠯᠢᠭᠡᠷ ᠳᠠᠭᠤᠷᠢᠶᠠᠯ ᠪᠤᠯᠵᠤ᠂ ᠨᠠᠮ ᠤᠨ ᠰᠤᠷᠲᠠᠯ ᠵᠠᠰᠠᠭ ᠤᠨ ᠰᠤᠷᠲᠠᠯ ᠨᠡᠶᠢᠭᠡᠮ ᠤᠨ ᠰᠤᠷᠲᠠᠯ ᠤᠨ ᠰᠠᠶᠢᠵᠢᠷᠠᠯᠲᠠ ᠶᠢ ᠬᠦᠴᠦᠲᠡᠢ ᠠᠬᠢᠭᠤᠯᠵᠤ᠂ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠵᠣᠷᠢᠭ ᠰᠠᠨᠠᠭ᠎ᠠ ᠪᠣᠯᠤᠨ ᠪᠦᠬᠦ ᠲᠠᠯ᠎ᠠ ᠶᠢᠨ ᠴᠢᠩᠭ᠎ᠠ ᠱᠠᠭᠠᠷᠳᠠᠯᠭ᠎ᠠ ᠶᠢ ᠭᠦᠢᠴᠡᠳ ᠢᠯᠡᠷᠡᠭᠦᠯᠪᠡ᠃ ᠰᠤᠷᠲᠠᠯ ᠤᠨ ᠪᠠᠶᠢᠭᠤᠯᠤᠯᠲᠠ ᠡᠭᠦᠷᠢᠳᠡ ᠵᠤᠬᠰᠤᠰᠢ ᠦᠭᠡᠢ᠂ ᠲᠥᠪ ᠤᠨ ᠨᠠᠢᠮᠠᠨ ᠲᠣᠭᠲᠠᠭᠠᠯ ᠪᠣᠯ ᠤᠷᠳᠤ ᠬᠤᠭᠤᠴᠠᠭᠠᠨ ᠤ ᠪᠦᠲᠦᠮᠵᠢᠲᠡᠢ ᠲᠡᠮᠦᠷ ᠶᠣᠰᠣ ᠲᠦᠷᠢᠮ᠂ ᠬᠠᠲᠠᠭᠤ ᠪᠠᠷᠢᠮᠵᠢᠶ᠎ᠠ ᠮᠥᠨ᠂ ᠴᠢᠩᠭ᠎ᠠ ᠭᠤᠣᠯ ᠬᠦᠭ ᠠᠶᠠᠰ ᠢ ᠲᠤᠪᠤᠶᠢᠯᠭᠠᠵᠤ᠂ ᠰᠤᠷᠲᠠᠯ ᠢᠯᠵᠠᠷᠡᠯ ᠢ ᠬᠠᠮᠲᠤ ᠪᠠᠷ ᠪᠠᠶᠢᠴᠠᠭᠠᠵᠤ ᠵᠡᠷᠭᠡᠪᠡᠷ ᠵᠠᠰᠠᠬᠤ ᠶᠢ ᠪᠠᠷᠢᠮᠲᠠᠯᠠᠵᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠡᠴᠦᠰ ᠲᠤᠨᠢ ᠲᠤᠯᠲᠠᠯ᠎ᠠ ᠠᠳᠬᠤᠬᠤ ᠬᠡᠷᠡᠭᠲᠡᠢ᠃ ᠨᠠᠮᠴᠢ ᠴᠢᠨᠠᠷ ᠨᠠᠮ ᠤᠨ ᠰᠤᠷᠲᠠᠯ ᠨᠠᠮ ᠤᠨ ᠰᠠᠬᠢᠯᠭ᠎ᠠ ᠪᠠᠲᠤ ᠶᠢ ᠵᠡᠷᠭᠡᠪᠡᠷ ᠠᠳᠬᠤᠬᠤ ᠶᠢ ᠪᠠᠷᠢᠮᠲᠠᠯᠠᠵᠤ᠂ ︽ᠰᠤᠷᠤᠯᠴᠠᠬᠤ︾ ᠳᠡᠭᠡᠷ᠎ᠡ ᠦᠷᠭᠦᠯᠵᠢᠯᠡᠨ ᠬᠦᠴᠦ ᠣᠷᠣᠭᠤᠯᠵᠤ᠂ ︽ᠪᠠᠶᠢᠴᠠᠭᠠᠬᠤ︾ ᠲᠠᠯ᠎ᠠ ᠪᠠᠷ ᠪᠦᠬᠦᠨ ᠢ ᠬᠠᠮᠤᠷᠤᠭᠤᠯᠵᠤ᠂ ︽ᠥᠭᠡᠷᠡᠴᠢᠯᠡᠬᠦ︾ ᠲᠠᠯ᠎ᠠ ᠪᠠᠷ ᠤᠷᠳᠤ ᠬᠤᠭᠤᠴᠠᠭᠠᠨ ᠤ ᠪᠦᠲᠦᠮᠵᠢᠲᠡᠢ ᠪᠠᠶᠢᠬᠤ ᠶᠢ ᠪᠠᠲᠤᠯᠠᠵᠤ᠂ ᠰᠤᠷᠤᠯᠴᠠᠯᠭ᠎ᠠ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠪᠣᠳᠠᠲᠠᠢ ᠦᠷ᠎ᠡ ᠪᠦᠲᠦᠮᠵᠢ ᠭᠠᠷᠭᠠᠬᠤ ᠶᠢ ᠠᠬᠢᠭᠤᠯᠬᠤ ᠬᠡᠷᠡᠭᠲᠡᠢ ᠭᠡᠵᠦ ᠬᠡᠯᠡᠪᠡ᠃     ᠵᠧᠦ ᠺᠠᠢ᠂ ᠡᠯ᠎ᠡ ᠱᠠᠲᠤᠨ ᠤ ᠤᠳᠤᠷᠢᠳᠬᠤ ᠺᠠᠳ᠋ᠷ ︽ᠵᠠᠩᠭᠢᠯᠠᠭ᠎ᠠ ᠶᠢᠨ ᠴᠥᠭᠡᠨ ᠲᠣᠭᠠᠲᠠᠨ︾ ᠤ ᠦᠢᠯᠡᠳᠦᠯ ᠢᠶᠠᠨ ᠪᠠᠳᠠᠷᠠᠭᠤᠯᠵᠤ᠂ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢ ᠪᠦᠬᠦ ᠬᠤᠳᠠ ᠶᠢᠨ ᠭᠤᠣᠯᠳᠠᠯᠭ᠎ᠠ ᠲᠠᠢ ᠠᠵᠢᠯ ᠲᠠᠢ ᠨᠢᠭᠲᠠ ᠤᠶᠠᠯᠳᠤᠭᠤᠯᠵᠤ᠂ ᠲᠦᠷᠢᠮ ᠲᠣᠭᠲᠠᠭᠠᠯ ᠲᠣᠭᠲᠠᠭᠠᠬᠤ ᠶᠢ ᠰᠠᠶᠢᠲᠤᠷ ᠠᠳᠬᠤᠵᠤ᠂ ᠦᠷ᠎ᠡ ᠪᠦᠲᠦᠮᠵᠢ ᠶᠢ ᠮᠥᠷᠳᠡᠨ ᠠᠰᠠᠭᠤᠬᠤ ᠶᠢ ᠴᠢᠩᠭᠠᠳᠬᠠᠵᠤ᠂ ᠬᠠᠲᠠᠭᠤ ᠴᠢᠩᠭ᠎ᠠ ᠰᠤᠷᠲᠠᠯ ᠢᠶᠠᠷ ᠡᠭᠦᠷᠭᠡ ᠪᠠᠨ ᠨᠠᠶᠢᠳᠠᠪᠤᠷᠢᠵᠢᠭᠤᠯᠵᠤ᠂ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠬᠡᠯᠡᠪᠡ᠃                                             ᠣᠷᠴᠢᠭᠤᠯᠤᠭᠴᠢ᠄ ᠭᠤᠸ᠎ᠠ                                         ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2