| | ᠤᠶᠢᠷ᠎ᠡ ᠶᠢᠨ ᠡᠳᠦᠷ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠬᠠᠪᠤᠷ ᠤᠨ ᠤᠯᠠᠷᠢᠯ ᠤᠨ ᠠᠮᠢᠲᠠᠨ ᠤ | ᠬᠦᠨᠳᠦ ᠶᠡᠭᠡ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠵᠢᠴᠢ ᠬᠢᠵᠢᠭ ᠰᠡᠷᠭᠡᠶᠢᠯᠡᠭᠴᠢ ᠶᠢᠨ | ᠪᠣᠯᠪᠠᠰᠤᠷᠠᠭᠤᠯᠤᠯ ᠤᠨ ᠬᠤᠷᠠᠯ ᠬᠤᠷᠠᠯᠳᠤᠭᠤᠯᠵᠤ᠂ ᠬᠠᠪᠤᠷ ᠤᠨ ᠰᠡᠷᠭᠡᠶᠢᠯᠡᠯᠲᠡ ᠶᠢᠨ ᠠᠵᠢᠯ ᠢ ᠪᠦᠬᠦ | ᠬᠦᠴᠦᠨ ᠢᠶᠠᠷ ᠢᠶᠠᠨ ᠪᠠᠶᠢᠷᠢᠯᠠᠭᠤᠯᠵᠤ᠂ ᠦᠨᠳᠦᠰᠦᠨ ᠱᠠᠲᠤᠨ ᠤ ᠬᠢᠵᠢᠭ ᠢ ᠰᠡᠷᠭᠡᠶᠢᠯᠡᠬᠦ ᠬᠢᠷᠢ ᠲᠦᠪᠰᠢᠨ ᠢ | ᠳᠡᠭᠡᠭᠰᠢᠯᠡᠭᠦᠯᠪᠡ᠃ ᠳᠡᠳ᠋ ᠬᠤᠰᠢᠭᠤᠨ ᠳᠠᠷᠤᠭ᠎ᠠ ᠷᠧᠨ ᠯᠢ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠡᠯ᠎ᠡ ᠰᠤᠮᠤ | ᠰᠢᠶᠠᠩ ᠪᠠᠯᠭᠠᠰᠤ᠂ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ | ᠲᠠᠷᠢᠶᠠᠯᠠᠩ ᠤᠨ ᠪᠠᠯᠠ ᠣᠷᠣᠭᠤᠯᠤᠯᠲᠠ ᠶᠢᠨ ᠮᠡᠳᠡᠭᠡ ᠵᠠᠩᠭᠢ ᠶᠢᠨ ᠬᠢᠵᠠᠭᠠᠷᠲᠤ ᠺᠣᠮᠫᠠᠨᠢ ᠵᠡᠷᠭᠡ ᠰᠠᠯᠠᠭ᠎ᠠ ᠮᠥᠴᠢᠷ ᠤᠨ | ᠬᠠᠮᠢᠶ᠎ᠠ ᠪᠥᠬᠦᠶ ᠬᠠᠷᠢᠭᠤᠴᠠᠯᠭᠠᠲᠠᠨ ᠵᠢᠴᠢ 186 ᠲᠣᠰᠬᠤᠨ ᠤ ᠱᠠᠲᠤᠨ ᠤ ᠬᠢᠵᠢᠭ ᠢ ᠰᠡᠷᠭᠡᠶᠢᠯᠡᠭᠴᠢ ᠬᠤᠷᠠᠯ ᠳᠤ | ᠣᠷᠣᠯᠴᠠᠵᠠᠶ᠃ | ᠬᠤᠷᠠᠯ ᠳᠡᠭᠡᠷ᠎ᠡ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠲᠠᠷᠢᠶᠠᠯᠠᠩ ᠤᠨ ᠪᠡᠯᠡ | ᠣᠷᠣᠭᠤᠯᠤᠯᠲᠠ ᠶᠢᠨ ᠮᠡᠳᠡᠭᠡ ᠵᠠᠩᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠠᠴᠠ ᠮᠠᠯ | ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠠᠵᠢᠯ ᠤᠨ ᠪᠠᠶᠢᠳᠠᠯ ᠪᠣᠯᠤᠨ ᠲᠥᠯᠥᠪᠯᠡᠭᠡ ᠶᠢ ᠮᠡᠳᠡᠭᠳᠡᠵᠦ᠂ | ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ | ᠮᠡᠷᠭᠡᠵᠢᠯ ᠤᠨ ᠲᠣᠪᠴᠢᠶ᠎ᠠ 2025 ᠣᠨ ᠤ ᠬᠠᠪᠤᠷ ᠤᠨ ᠰᠡᠷᠭᠡᠶᠢᠯᠡᠯᠲᠡ ᠶᠢᠨ ᠡᠭᠦᠷᠭᠡ ᠶᠢ ᠪᠠᠶᠢᠷᠢᠯᠠᠭᠤᠯᠪᠠ᠃ ᠷᠧᠨ | ᠯᠢ᠂ ᠬᠠᠪᠤᠷ ᠤᠨ ᠤᠯᠠᠷᠢᠯ ᠤᠨ ᠠᠮᠢᠲᠠᠨ ᠤ ᠬᠢᠵᠢᠭ ᠡᠪᠡᠳᠴᠢᠨ ᠣᠯᠠᠨ ᠡᠭᠦᠰᠴᠦ᠂ ᠰᠡᠷᠭᠡᠶᠢᠯᠡᠨ ᠡᠵᠡᠮᠳᠡᠬᠦ ᠨᠢ ᠮᠠᠯ | ᠠᠵᠤ ᠠᠬᠤᠶ ᠶᠢᠨ ᠬᠥᠭᠵᠢᠯᠲᠡ᠂ ᠣᠯᠠᠨ ᠲᠦᠮᠡᠨ ᠤ ᠡᠷᠡᠭᠦᠯ ᠮᠡᠨᠳᠦ ᠪᠣᠯᠤᠨ ᠨᠡᠶᠢᠭᠡᠮ ᠤᠨ ᠲᠣᠭᠲᠠᠭᠤᠨ ᠪᠠᠶᠢᠳᠠᠯ | ᠲᠠᠢ ᠬᠤᠯᠪᠤᠭᠳᠠᠵᠤ᠂ ᠡᠯ᠎ᠡ ᠰᠤᠮᠤ ᠰᠢᠶᠠᠩ ᠪᠠᠯᠭᠠᠰᠤ ᠪᠠᠶᠢᠳᠠᠯ ᠢ ᠲᠣᠳᠣᠷᠬᠠᠶ ᠲᠠᠨᠢᠵᠤ᠂ ᠰᠢᠨᠵᠢᠯᠡᠬᠦ ᠤᠬᠠᠭᠠᠨᠴᠢ᠂ | ᠬᠠᠤᠯᠢ ᠶᠣᠰᠣᠭᠠᠷ᠂ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠡᠵᠡᠮᠳᠡᠵᠦ᠂ ᠨᠠᠶᠢᠳᠠᠪᠤᠷᠢᠵᠢᠭᠤᠯᠤᠯᠲᠠ ᠶᠢ | ᠴᠢᠩᠭ᠎ᠠ ᠠᠳᠬᠤᠵᠤ᠂ ᠮᠠᠯ ᠠᠵᠤ ᠠᠬᠤᠶ ᠶᠢᠨ ᠡᠷᠡᠭᠦᠯ ᠮᠡᠨᠳᠦ ᠶᠢ ᠪᠠᠲᠤᠯᠠᠬᠤ ᠬᠡᠷᠡᠭᠲᠡᠶ ᠭᠡᠵᠤ ᠴᠢᠬᠤᠯᠠᠴᠢᠯᠠᠪᠠ᠃ | ᠬᠤᠷᠠᠯ ᠤᠨ ᠳᠠᠷᠠᠭ᠎ᠠ᠂ ᠲᠤᠰᠬᠠᠶ ᠮᠡᠷᠭᠡᠵᠢᠯ ᠤᠨ ᠠᠵᠢᠯᠲᠠᠨ ᠬᠢᠵᠢᠭ ᠢ ᠰᠡᠷᠭᠡᠶᠢᠯᠡᠬᠦ ᠴᠠᠭᠠᠰᠤ ᠦᠭᠡᠢ | ᠰᠢᠰᠲ᠋ᠧᠮ ᠢ ᠣᠷᠣᠭᠤᠯᠤᠨ ᠠᠪᠴᠢᠷᠠᠬᠤ᠂ ᠦᠬᠡᠷ ᠬᠤᠨᠢᠨ ᠤ ᠲᠠᠯᠠᠪᠠᠶ ᠶᠢ ᠴᠡᠪᠡᠷᠰᠢᠭᠦᠯᠬᠦ ᠵᠢᠴᠢ ᠡᠭᠡᠯᠢᠯᠡᠭᠡ ᠶᠢᠨ ᠲᠠᠰ | ᠳᠠᠷᠠᠭᠠᠯᠠᠯ ᠤᠨ ᠲᠣᠭᠤᠷᠢᠨ ᠳᠤ ᠵᠢᠭᠠᠨ ᠰᠤᠷᠭᠠᠯᠲᠠ ᠥᠷᠨᠢᠭᠦᠯᠵᠦ᠂ ᠬᠢᠵᠢᠭ ᠢ ᠰᠡᠷᠭᠡᠶᠢᠯᠡᠭᠴᠢ ᠶᠢᠨ ᠲᠣᠭᠠᠴᠢᠯᠠᠭᠰᠠᠨ | ᠪᠠᠭᠠᠵᠢ ᠶᠢ ᠡᠵᠡᠮᠰᠢᠬᠦ ᠳᠤ ᠬᠦᠴᠦᠨ ᠨᠡᠮᠡᠷᠢᠯᠡᠵᠦ᠂ ᠬᠢᠵᠢᠭ ᠢ ᠰᠡᠷᠭᠡᠶᠢᠯᠡᠬᠦ ᠤᠷ᠎ᠠ ᠴᠢᠳᠠᠪᠤᠷᠢ ᠶᠢ ᠳᠡᠭᠡᠭᠰᠢᠯᠡᠭᠦᠯᠪᠡ᠃ | ᠪᠣᠯᠪᠠᠰᠤᠷᠠᠭᠤᠯᠤᠯ ᠳᠠᠭᠤᠰᠤᠭᠰᠠᠨ ᠤ ᠳᠠᠷᠠᠭ᠎ᠠ᠂ ᠬᠢᠵᠢᠭ ᠰᠡᠷᠭᠡᠶᠢᠯᠡᠭᠴᠢ ᠳᠤ ᠸᠠᠺᠼᠢᠨ ᠬᠤᠪᠢᠶᠠᠨ ᠥᠭᠪᠡ᠃ | ᠳᠤᠰ ᠬᠤᠷᠠᠯ ᠨᠢ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ 2025 ᠣᠨ ᠤ ᠬᠠᠪᠤᠷ ᠤᠨ | ᠰᠡᠷᠭᠡᠶᠢᠯᠡᠯᠲᠡ ᠪᠥᠬᠦ ᠲᠠᠯ᠎ᠠ ᠪᠠᠷ ᠡᠬᠢᠯᠡᠭᠰᠡᠨ ᠢ ᠬᠠᠷᠠᠭᠤᠯᠵᠠᠢ᠃ ᠬᠤᠶᠢᠰᠢᠳᠠ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ᠂ | ᠰᠢᠨᠵᠢᠯᠡᠬᠦ ᠤᠬᠠᠭᠠᠨ ᠮᠡᠷᠭᠡᠵᠢᠯ ᠢᠶᠠᠷ ᠬᠦᠴᠦᠨ ᠨᠡᠮᠡᠷᠢᠯᠡᠬᠦ ᠪᠠ ᠪᠥᠬᠦ ᠠᠷᠠᠳ ᠢᠶᠠᠷ ᠢᠶᠠᠨ ᠣᠷᠣᠯᠴᠠᠬᠤ ᠪᠠᠷ | ᠳᠠᠮᠵᠢᠭᠤᠯᠤᠨ᠂ ᠬᠠᠪᠤᠷ ᠤᠨ ᠰᠡᠷᠭᠡᠶᠢᠯᠡᠯᠲᠡ ᠶᠢᠨ ᠠᠮᠤᠷ ᠲᠦᠪᠰᠢᠨ ᠤ ᠲᠣᠤᠷ ᠢ ᠪᠠᠬᠢᠵᠢᠭᠦᠯᠵᠦ᠂ ᠮᠠᠯ ᠵᠢᠭᠦᠷᠲᠡᠨ ᠤ | ᠡᠷᠡᠭᠦᠯ ᠮᠡᠨᠳᠦ ᠪᠠ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠠᠮᠤᠷ ᠲᠦᠪᠰᠢᠨ ᠢ ᠰᠠᠬᠢᠨ ᠬᠠᠮᠠᠭᠠᠯᠠᠵᠤ᠂ ᠪᠥᠬᠦ | ᠬᠤᠰᠢᠭᠤᠨ ᠤ ᠮᠠᠯ ᠠᠵᠤ ᠠᠬᠤᠶ ᠶᠢᠨ ᠲᠣᠭᠲᠠᠭᠤᠨ ᠢᠶᠠᠷ ᠤᠷᠤᠭᠰᠢᠯᠠᠬᠤ ᠶᠢ ᠠᠬᠢᠭᠤᠯᠤᠨ᠎ᠠ᠃ | ᠵᠣᠬᠢᠶᠠᠭᠴᠢ᠄ ᠰᠦᠨ ᠯᠢ ᠨᠠ | ᠤᠷᠴᠢᠭᠤᠯᠤᠭᠴᠢ᠄ ᠬᠦᠰᠡᠯ | ᠬᠢᠨᠠᠭᠴᠢ᠄ ᠠᠷᠢᠭᠤᠨ |