4 ᠰᠠᠷ᠎ᠠ ᠶᠢᠨ 18 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ | ᠳᠤᠭᠤᠶᠢᠯᠠᠩ ᠶᠡᠷᠦᠩᠬᠡᠢ ᠱᠦᠵᠢ ᠰᠢ ᠶᠢᠨ ᠫᠢᠩ ᠤᠨ ᠤᠯᠤᠰ ᠤᠨ ᠠᠮᠤᠷ ᠲᠦᠪᠰᠢᠨ ᠤ ᠲᠤᠬᠠᠢ ᠴᠢᠬᠤᠯᠠ | ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ᠂ ᠶᠡᠷᠦᠩᠬᠡᠢ ᠴᠣᠭᠴᠠ ᠶᠢᠨ ᠤᠯᠤᠰ ᠤᠨ ᠠᠮᠤᠷ | ᠲᠦᠪᠰᠢᠨ ᠤ ᠦᠵᠡᠯᠲᠡ ᠶᠢ ᠪᠦᠷᠢᠨ ᠪᠦᠲᠦᠨ ᠣᠨᠣᠪᠴᠢᠲᠠᠢ ᠪᠦᠬᠦ ᠲᠠᠯ᠎ᠠ ᠪᠠᠷ ᠲᠤᠭᠤᠰᠢᠯᠠᠭᠤᠯᠬᠤ ᠶᠢᠨ | ᠲᠣᠭᠤᠷᠢᠨ ᠳᠤ ᠬᠠᠮᠲᠤ ᠶᠢᠨ ᠰᠤᠷᠤᠯᠴᠠᠯᠭ᠎ᠠ ᠬᠢᠪᠡ᠃ ᠬᠤᠲᠠ ᠶᠢᠨ ᠨᠠᠮ ᠤᠨ ᠬᠤᠷᠢᠶᠠᠨ ᠤ ᠱᠦᠵᠢ ᠵᠧᠤ ᠺᠠᠶ | ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃ | ᠬᠤᠷᠠᠯ ᠳᠡᠭᠡᠷ᠎ᠡ᠂ ᠬᠤᠯᠪᠣᠭᠳᠠᠯ ᠪᠦᠬᠦᠢ ᠲᠤᠰᠬᠠᠢ ᠮᠡᠷᠭᠡᠵᠢᠯᠲᠡᠨ ᠤᠷᠢᠯᠭ᠎ᠠ ᠪᠠᠷ ᠲᠤᠰᠬᠠᠢ ᠰᠡᠳᠦᠪᠲᠦ | ᠬᠠᠪᠰᠤᠷᠤᠨ ᠵᠢᠯᠣᠭᠤᠳᠬᠤ ᠮᠡᠳᠡᠭᠦᠯᠦᠯᠲᠡ ᠬᠢᠪᠡ᠃ | ᠵᠧᠦ ᠺᠠᠢ᠂ ᠤᠯᠤᠰ ᠤᠨ ᠠᠮᠤᠷ ᠲᠥᠪᠰᠢᠨ ᠢ ᠪᠠᠲᠤᠯᠠᠬᠤ ᠪᠣᠯ ᠲᠡᠷᠢᠭᠦᠨ ᠴᠢᠬᠤᠯᠠ ᠶᠠᠪᠤᠳᠠᠯ ᠮᠥᠨ᠃ ᠪᠢᠳᠡ | ᠶᠡᠷᠦᠩᠬᠡᠢ ᠱᠦᠵᠢ ᠰᠢ ᠶᠢᠨ ᠫᠢᠩ ᠤᠨ ᠤᠯᠤᠰ ᠤᠨ ᠠᠮᠤᠷ ᠲᠦᠪᠰᠢᠨ ᠤ ᠲᠤᠬᠠᠢ ᠴᠢᠬᠤᠯᠠ ᠥᠭᠦᠯᠡᠯᠲᠡ ᠶᠢ | ᠭᠦᠨᠵᠡᠭᠡᠢ ᠰᠤᠷᠤᠯᠴᠠᠨ ᠣᠶᠢᠯᠠᠭᠠᠵᠤ᠂ ᠶᠡᠷᠦᠩᠬᠡᠢ ᠴᠣᠭᠴᠠ ᠶᠢᠨ ᠤᠯᠤᠰ ᠤᠨ ᠠᠮᠤᠷ ᠲᠦᠪᠰᠢᠨ ᠤ ᠦᠵᠡᠯᠲᠡ ᠶᠢ | ᠪᠠᠲᠤ ᠪᠤᠢ ᠪᠣᠯᠭᠠᠵᠤ᠂ ᠬᠥᠭᠵᠢᠯᠲᠡ ᠪᠠ ᠠᠮᠤᠷ ᠲᠦᠪᠰᠢᠨ ᠢ ᠨᠡᠩ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠠᠵᠢᠯ ᠤᠨ | ᠭᠤᠣᠯ ᠰᠢᠵᠢᠮ ᠪᠣᠯᠭᠠᠵᠤ᠂ ᠤᠯᠤᠰ ᠲᠦᠷᠦ ᠶᠢᠨ ᠠᠮᠤᠷ ᠲᠦᠪᠰᠢᠨ ᠢ ᠡᠷᠡᠰ ᠬᠠᠮᠠᠭᠠᠯᠠᠵᠤ᠂ ᠠᠵᠤ ᠠᠬᠤᠢ ᠶᠢᠨ | ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠬᠠᠮᠠᠭᠠᠯᠠᠵᠤ᠂ ᠨᠡᠶᠢᠭᠡᠮ ᠤᠨ ᠠᠮᠤᠷ ᠲᠦᠪᠰᠢᠨ ᠢ ᠪᠦᠲᠦᠮᠵᠢᠲᠡᠢ | ᠪᠠᠲᠤᠯᠠᠵᠤ᠂ ᠠᠮᠢ ᠠᠬᠤᠢ ᠶᠢᠨ ᠠᠮᠤᠷ ᠲᠦᠪᠰᠢᠨ ᠢ ᠬᠦᠴᠦᠲᠡᠢ ᠬᠠᠮᠠᠭᠠᠯᠠᠵᠤ᠂ ᠡᠬᠡ ᠤᠯᠤᠰ ᠤᠨ ᠤᠮᠠᠷᠠᠲᠤ ᠶᠢᠨ | ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠦᠷᠭᠦᠯᠵᠢᠯᠡᠨ ᠪᠠᠬᠢᠵᠢᠭᠦᠯᠵᠦ᠂ ᠤᠯᠤᠰ ᠤᠨ ᠪᠦᠬᠦᠯᠢ | ᠴᠣᠭᠴᠠ ᠶᠢᠨ ᠠᠮᠤᠷ ᠲᠦᠪᠰᠢᠨ ᠳᠤ ᠨᠥᠬᠦᠴᠡᠯ ᠪᠦᠷᠢᠯᠳᠦᠭᠦᠯᠵᠦ ᠥᠭᠬᠦ ᠬᠡᠷᠡᠭᠲᠡᠢ ᠭᠡᠵᠦ ᠬᠡᠯᠡᠪᠡ᠃ | | ᠣᠷᠴᠢᠭᠤᠯᠤᠭᠴᠢ᠄ ᠭᠤᠸ᠎ᠠ | ᠬᠢᠨᠠᠭᠴᠢ᠄ ᠠᠷᠢᠭᠤᠨ |