ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/4/22
    4 ᠰᠠᠷ᠎ᠠ ᠶᠢᠨ 18 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠵᠧᠤ ᠺᠠᠶ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠬᠤᠯᠪᠣᠭᠳᠠᠯ ᠪᠥᠬᠦᠶ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃     ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠬᠥᠷᠰᠢ ᠵᠡᠷᠭᠡᠯᠡᠳᠡᠭᠡ ᠶᠢᠨ ᠠᠵᠢᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠣᠷᠣᠨ ᠪᠠᠶᠢᠷᠢ ᠶᠢᠨ ᠳᠠᠪᠠᠭᠤᠯᠢᠭ ᠲᠠᠭᠠᠨ ᠰᠠᠭᠤᠷᠢᠯᠠᠵᠤ᠂ ᠨᠡᠬᠡᠬᠡᠯᠳᠡ ᠶᠢᠨ ᠤᠬᠠᠮᠰᠠᠷ ᠢᠶᠠᠨ ᠴᠢᠩᠭᠠᠳᠬᠠᠵᠤ᠂ ᠥᠨᠳᠥᠷ ᠲᠦᠪᠰᠢᠨ ᠪᠦᠬᠦᠢ ᠭᠠᠳᠠᠭᠠᠳᠤ ᠨᠡᠬᠡᠬᠡᠯᠳᠡ ᠶᠢ ᠴᠢᠨᠠᠭᠰᠢᠳᠠ ᠠᠬᠢᠭᠤᠯᠵᠤ᠂ ᠬᠥᠷᠰᠢ ᠵᠡᠷᠭᠡᠯᠡᠳᠡᠭᠡ ᠶᠢᠨ ᠠᠵᠢᠯ ᠤᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠢ ᠭᠡᠵᠦ ᠴᠢᠬᠤᠯᠠᠴᠢᠯᠠᠪᠠ᠃     ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ︽ᠰᠢᠨᠵᠢᠯᠡᠬᠦ ᠤᠬᠠᠭᠠᠨ ᠮᠡᠷᠭᠡᠵᠢᠯ ᠤᠨ ᠬᠦᠴᠦᠷᠬᠡᠭ ᠤᠯᠤᠰ ᠢ ᠪᠠᠶᠢᠭᠤᠯᠬᠤ ᠠᠤᠭ᠎ᠠ ᠬᠠᠷᠠᠯᠲᠠ ᠲᠡᠶᠢᠰᠢ ᠡᠷᠡᠯᠬᠡᠭᠯᠡᠨ ᠤᠷᠤᠭᠰᠢᠯᠠᠶ᠎ᠠ︾ ᠭᠡᠬᠦ ᠴᠢᠬᠤᠯᠠ ᠵᠣᠬᠢᠶᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ︽ᠪᠦᠰᠡᠯᠡᠯᠲᠡ ᠶᠢ ᠰᠢᠪᠲᠤᠯᠬᠤ︾ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠪᠠᠶᠢᠭᠤᠯᠤᠮᠵᠢ ᠲᠣᠭᠲᠠᠴᠠ ᠶᠢᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠢ ᠢᠳᠡᠪᠬᠢᠲᠡᠢ ᠪᠠᠶᠢᠭᠤᠯᠤᠨ ᠰᠠᠶᠢᠲᠤᠷ ᠬᠡᠷᠡᠭᠯᠡᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢᠲᠠᠨ ᠢ ᠣᠷᠣᠭᠤᠯᠤᠨ ᠠᠪᠴᠢᠷᠠᠵᠤ ᠦᠯᠡᠳᠡᠭᠡᠨ ᠬᠡᠷᠡᠭᠯᠡᠬᠦ ᠶᠢ ᠰᠠᠶᠢᠲᠤᠷ ᠠᠳᠬᠤᠬᠤ ᠬᠡᠷᠡᠭᠲᠡᠢ ᠭᠡᠵᠦ ᠴᠢᠬᠤᠯᠠᠴᠢᠯᠠᠪᠠ᠃     ᠬᠤᠷᠠᠯ ᠠᠴᠠ ᠴᠠᠭᠠᠨᠨᠠᠭᠤᠷ ᠤᠨ ᠠᠮᠢ ᠠᠬᠤᠢ ᠶᠢᠨ ᠬᠠᠮᠠᠭᠠᠯᠠᠯᠲᠠ ᠪᠠ ᠰᠡᠷᠭᠦᠭᠡᠯᠲᠡ᠂ ᠳᠠᠭ᠎ᠠ ᠶᠢᠨ ᠨᠠᠭᠤᠷ ᠤᠨ ᠤᠰᠤᠨ ᠤ ᠠᠮᠢ ᠠᠬᠤᠢ ᠶᠢᠨ ᠶᠡᠷᠦᠩᠬᠡᠶᠢᠯᠡᠭᠰᠡᠨ ᠵᠠᠰᠠᠯᠲᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠡᠷᠡᠰ ᠲᠤᠭᠤᠰᠢᠯᠠᠭᠤᠯᠵᠤ᠂ ᠰᠢᠨᠵᠢᠯᠡᠬᠦ ᠤᠬᠠᠭᠠᠨᠴᠢ ᠪᠠᠷ ᠵᠠᠰᠠᠬᠤ ᠶᠢ ᠪᠠᠷᠢᠮᠲᠠᠯᠠᠵᠤ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠵᠠᠰᠠᠯᠲᠠ ᠬᠠᠮᠠᠭᠠᠯᠠᠯᠲᠠ ᠶᠢᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠭᠦᠨᠵᠡᠭᠡᠶᠢᠷᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃     ᠬᠤᠷᠠᠯ ᠠᠴᠠ ᠪᠦᠬᠦ ᠬᠤᠳᠠ ᠶᠢᠨ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ᠂ ︽ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠢ ᠳᠦᠷᠢᠮᠵᠢᠭᠦᠯᠦᠨ ᠬᠠᠤᠯᠢᠵᠢᠭᠤᠯᠬᠤ ᠵᠢᠩᠬᠢᠨᠢᠴᠢᠯᠡᠬᠦ ᠪᠠᠶᠢᠭᠤᠯᠤᠯᠲᠠ ᠶᠢᠨ ᠣᠨ︾ ᠤ ᠠᠵᠢᠯᠯᠠᠭ᠎ᠠ ᠶᠢᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠲᠤᠪᠤᠶᠢᠮ᠎ᠠ ᠠᠰᠠᠭᠤᠳᠠᠯ ᠢ ᠴᠡᠭᠴᠡᠯᠡᠨ ᠵᠠᠰᠠᠵᠤ᠂ ᠲᠥᠪᠯᠡᠷᠡᠭᠦᠯᠦᠨ ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠦᠨ ᠠᠬᠢᠭᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ︔ ︽ᠭᠤᠷᠪᠠᠨ ᠣᠳᠣᠬᠢᠴᠢᠯᠠᠯᠲᠠ︾ ᠶᠢᠨ ᠪᠠᠶᠢᠭᠤᠯᠤᠯᠲᠠ ᠶᠢᠨ ᠣᠨ ᠤ ᠠᠵᠢᠯᠯᠠᠭ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ᠂ ᠵᠣᠷᠢᠭᠲᠠᠶ ᠪᠠᠷ ᠴᠢᠳᠠᠮᠠᠭᠠᠶ ᠲᠡᠮᠡᠴᠡᠬᠦ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠲᠡᠮᠦᠷ ᠴᠡᠷᠢᠭ ᠢ ᠬᠦᠴᠦᠯᠡᠨ ᠪᠠᠶᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃     ᠬᠤᠷᠠᠯ ᠠᠴᠠ ᠪᠦᠬᠦ ᠤᠯᠤᠰ ᠤᠨ ᠲᠣᠭᠤᠷᠢᠨ ᠪᠠᠶᠢᠴᠠᠭᠠᠬᠤ ᠠᠵᠢᠯ ᠤᠨ ᠬᠤᠷᠠᠯ ᠵᠢᠴᠢ ᠬᠤᠷᠢᠳᠤᠭᠠᠷ ᠬᠤᠭᠤᠴᠠᠭᠠᠨ ᠤ ᠲᠥᠪ ᠤᠨ ᠲᠣᠭᠤᠷᠢᠨ ᠪᠠᠶᠢᠴᠠᠭᠠᠬᠤ ᠮᠤᠵᠢ ︵ᠣᠷᠣᠨ᠂ ᠬᠤᠳᠠ︶ ᠶᠢ ᠲᠣᠭᠤᠷᠢᠨ ᠪᠠᠶᠢᠴᠠᠭᠠᠬᠤ ᠲᠠᠶᠢᠴᠢᠯᠠᠯᠳᠠ ᠪᠠᠶᠢᠷᠢᠯᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠪᠣᠯᠤᠨ ᠲᠥᠪ ᠤᠨ ᠠᠷᠪᠠᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠢ ᠲᠣᠭᠤᠷᠢᠨ ᠪᠠᠶᠢᠴᠠᠭᠠᠬᠤ ᠠᠵᠢᠯ ᠤᠨ ᠲᠠᠶᠢᠴᠢᠯᠠᠯᠳᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠣᠭᠤᠷᠢᠨ ᠪᠠᠶᠢᠴᠠᠭᠠᠵᠤ ᠬᠢᠨᠠᠯᠲᠠ ᠲᠠᠯᠪᠢᠬᠤ ᠳᠤ ᠰᠠᠨᠠᠭᠠᠴᠢᠯᠠᠭ᠎ᠠ ᠠᠴᠠ ᠪᠠᠨ ᠬᠠᠮᠵᠢᠯᠴᠠᠵᠤ᠂ ᠲᠥᠪ ᠤᠨ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠠᠵᠢᠯ ᠢᠶᠠᠨ ᠥᠷᠨᠢᠭᠦᠯᠬᠦ ᠶᠢ ᠪᠦᠬᠦ ᠬᠦᠴᠦᠨ ᠢᠶᠠᠷ ᠢᠶᠠᠨ ᠳᠡᠮᠵᠢᠬᠦ ᠬᠡᠷᠡᠭᠲᠡᠢ ᠭᠡᠵᠦ ᠴᠢᠬᠤᠯᠠᠴᠢᠯᠠᠪᠠ᠃     ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃                                              ᠣᠷᠴᠢᠭᠤᠯᠤᠭᠴᠢ᠄ ᠭᠤᠸ᠎ᠠ                                              ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2