ᠤᠯᠠᠭᠠᠨᠴᠠᠪ ᠤᠨ 150 ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ ᠤ ᠲᠥᠷᠥᠯ ᠵᠦᠢᠯ ᠨᠢ ᠨᠢᠭᠡᠨᠲᠡ 210 ᠰᠠᠭᠤᠷᠢ ᠰᠠᠯᠬᠢᠨ ᠬᠦᠴᠦᠨ ᠤ ᠮᠠᠰᠢᠨ ᠢ ᠳᠤᠤᠷ ᠲᠤ ᠨᠠᠶᠢᠯᠡᠬᠦᠯᠵᠤ ᠴᠠᠬᠢᠯᠭᠠᠨ ᠭᠠᠷᠭᠠᠬᠤ ᠴᠢᠳᠠᠮᠵᠢ ᠨᠢ 140.01 ᠲᠦᠮᠡᠨ ᠺᠢᠯᠣᠸᠠᠲ ᠪᠠᠶᠢᠪᠠ
ᠨᠡᠶᠢᠲᠡᠯᠡᠭᠰᠡᠨ ᠴᠠᠭ᠄
2025/4/22
         ᠯᠢᠶᠠᠩᠴᠧᠩ ᠰᠢᠶᠠᠨ ᠤ ᠪᠠᠶᠢᠭᠤᠯᠵᠤ ᠪᠠᠶᠢᠭ᠎ᠠ ︽ᠤᠯᠠᠭᠠᠨᠴᠠᠪ ᠤᠨ 150 ᠲᠦᠮᠡᠨ ᠺᠢᠯᠣᠸᠠᠲ ᠤᠨ ᠲᠣᠮᠣ ᠬᠡᠯᠪᠡᠷᠢ ᠶᠢᠨ ᠰᠠᠯᠬᠢᠨ ᠬᠦᠴᠦᠨ ᠤ ᠴᠠᠬᠢᠯᠭᠠᠨ ᠭᠡᠷᠡᠯ ᠴᠡᠨᠡᠭ ᠤᠨ ᠰᠠᠭᠤᠷᠢᠨ ᠭᠠᠵᠠᠷ ᠤᠨ ᠲᠥᠷᠥᠯ ᠵᠦᠢᠯ︾ ᠤᠨ ᠶᠡᠷᠦᠩᠬᠡᠶ ᠪᠠᠯᠠ ᠣᠷᠣᠭᠤᠯᠤᠯᠲᠠ ᠨᠢ 49.75 ᠳ᠋ᠦᠩᠰᠢᠭᠤᠷ ᠲᠥᠭᠦᠷᠢᠭ ᠪᠠᠶᠢᠵᠤ᠂ ᠰᠠᠯᠬᠢᠨ ᠬᠦᠴᠦᠨ ᠤ ᠴᠠᠬᠢᠯᠭᠠᠨ ᠭᠠᠷᠭᠠᠬᠤ ᠮᠠᠰᠢᠨ ᠴᠣᠭᠴᠠᠯᠠᠪᠤᠷᠢ ᠶᠢ 225 ᠤᠭᠰᠠᠷᠠᠵᠤ᠂ ᠲᠠᠯᠠᠪᠠᠶ ᠶᠢᠨ ᠲᠣᠭᠤᠷᠢᠭ ᠲᠤ 220 ᠺᠢᠯᠣᠸᠠᠲ ᠤᠨ ᠬᠦᠴᠦᠳᠡᠯ ᠳᠡᠭᠡᠭᠰᠢᠯᠡᠭᠦᠯᠬᠦ ᠥᠷᠲᠡᠭᠡ ᠶᠢ 3 ᠢᠵᠢ ᠪᠦᠷᠢᠳᠦᠭᠦᠯᠦᠨ ᠪᠥᠲᠥᠭᠡᠨ ᠪᠠᠶᠢᠭᠤᠯᠬᠤ ᠪᠠᠷ ᠲᠦᠯᠦᠪᠯᠡᠵᠤ ᠪᠠᠶᠢᠨ᠎ᠠ᠃ ᠲᠥᠷᠥᠯ ᠵᠦᠢᠯ ᠤᠨ ᠴᠠᠬᠢᠯᠭᠠᠨ ᠬᠦᠴᠦᠨ ︽ᠳᠠᠭ᠎ᠠ ᠶᠢᠨ ᠨᠠᠭᠤᠷ - ᠸᠠᠨ ᠴᠢᠤᠸᠠᠨ - ᠱᠦᠨ ᠢ︾ 500kV ᠴᠠᠬᠢᠯᠭᠠᠨ ᠬᠦᠷᠭᠡᠬᠦ ᠱᠤᠭᠤᠮ ᠢᠶᠠᠷ ᠪᠡᠭᠡᠵᠢᠩ ᠲᠢᠶᠠᠨᠵᠢᠨ ᠾᠧᠪᠧᠢ ᠶᠢᠨ ᠭᠠᠵᠠᠷ ᠣᠷᠣᠨ ᠳᠤ ᠬᠦᠷᠭᠡᠨ᠎ᠡ᠃    ᠲᠥᠷᠥᠯ ᠵᠦᠢᠯ ᠢ 2025 ᠣᠨ ᠤ 7 ᠰᠠᠷ᠎ᠠ ᠶᠢᠨ ᠰᠡᠭᠦᠯᠴᠢ ᠠᠴᠠ ᠡᠮᠦᠨ᠎ᠡ 150 ᠲᠦᠮᠡᠨ ᠺᠢᠯᠣᠸᠠᠲ ᠤᠨ ᠪᠦᠬᠦᠨ ᠢ ᠲᠣᠤᠷ ᠲᠤ ᠨᠡᠶᠢᠯᠡᠭᠦᠯᠦᠨ ᠴᠠᠬᠢᠯᠭᠠᠨ ᠭᠠᠷᠭᠠᠬᠤ ᠪᠠᠷ ᠲᠥᠯᠥᠪᠯᠡᠵᠦ ᠪᠣᠶ︔ ᠣᠲᠣ ᠪᠣᠯᠲᠠᠯ᠎ᠠ᠂ 225 ᠰᠠᠭᠤᠷᠢ ᠰᠠᠯᠬᠢᠨ ᠬᠦᠴᠦᠨ ᠤ ᠮᠠᠰᠢᠨ ᠤ ᠰᠠᠭᠤᠷᠢ ᠶᠢ ᠨᠢᠭᠡᠨᠲᠡ 219 ᠰᠠᠭᠤᠷᠢ ᠮᠠᠯᠲᠠᠵᠤ᠂ 213 ᠰᠠᠭᠤᠷᠢ ᠶᠢ ᠴᠢᠳᠬᠤᠨ ᠪᠠᠶᠢᠭᠤᠯᠵᠤ᠂ ᠴᠢᠳᠬᠤᠬᠤ ᠠᠬᠢᠴᠠ 94.6% ᠬᠦᠷᠪᠡ︔ ᠰᠠᠯᠬᠢᠨ ᠬᠦᠴᠦᠨ ᠤ ᠮᠠᠰᠢᠨ ᠤ ᠳᠡᠭᠦᠵᠢᠯᠡᠨ ᠤᠭᠰᠠᠷᠠᠬᠤ ᠠᠬᠢᠴᠠ ᠶᠢ ᠨᠢᠭᠡᠨᠲᠡ 210 ᠪᠡᠶᠡᠯᠡᠭᠦᠯᠵᠦ᠂ ᠳᠡᠭᠦᠵᠢᠯᠡᠨ ᠤᠭᠰᠠᠷᠠᠬᠤ ᠠᠬᠢᠴᠠ 93.3% ᠬᠦᠷᠪᠡ︔ ᠢᠵᠢ ᠪᠦᠷᠢᠳᠦᠭᠦᠯᠦᠨ ᠪᠦᠲᠦᠭᠡᠨ ᠪᠠᠶᠢᠭᠤᠯᠤᠭᠰᠠᠨ 3 ᠰᠠᠭᠤᠷᠢ 220 ᠺᠢᠯᠣᠸᠠᠲ ᠤᠨ ᠬᠦᠴᠦᠳᠡᠯ ᠳᠡᠭᠡᠭᠰᠢᠯᠡᠭᠦᠯᠬᠦ ᠥᠷᠲᠡᠭᠡ ᠶᠢ ᠨᠢᠭᠡᠨᠲᠡ ᠪᠦᠬᠦᠨ ᠢ ᠠᠰᠢᠭᠯᠠᠯᠲᠠ ᠳᠤ ᠣᠷᠣᠭᠤᠯᠪᠠ︔ ᠨᠢᠭᠡᠨᠲᠡ ᠲᠣᠤᠷ ᠲᠤ ᠨᠡᠶᠢᠯᠡᠭᠦᠯᠦᠨ ᠴᠠᠬᠢᠯᠭᠠᠨ ᠭᠠᠷᠭᠠᠭᠰᠠᠨ ᠨᠢ 210 ᠰᠠᠤᠷᠢ ᠰᠠᠯᠬᠢᠨ ᠬᠦᠴᠦᠨ ᠤ ᠮᠠᠰᠢᠨ᠂ ᠴᠠᠬᠢᠯᠭᠠᠨ ᠭᠠᠷᠭᠠᠬᠤ ᠴᠢᠳᠠᠮᠵᠢ 140.01 ᠲᠦᠮᠡᠨ ᠺᠢᠯᠣᠸᠠᠲ ᠬᠦᠷᠪᠡ᠃ ᠦᠯᠡᠳᠡᠭᠰᠡᠨ 15 ᠰᠠᠤᠷᠢ ᠰᠠᠯᠬᠢᠨ ᠬᠦᠴᠦᠨ ᠤ ᠮᠠᠰᠢᠨ ᠢ ᠴᠢᠳᠬᠤᠨ ᠤᠭᠰᠠᠷᠠᠵᠤ ᠪᠠᠶᠢᠨ᠎ᠠ᠃    ᠲᠣᠰ ᠲᠥᠷᠥᠯ ᠵᠦᠢᠯ ᠨᠢ 2024 ᠣᠨ ᠳᠤ 29.56 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠪᠡ︔ 2025 ᠣᠨ ᠤ 1 - 3 ᠰᠠᠷ᠎ᠠ ᠳᠤ 82 ᠲᠦᠮᠡᠨ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠪᠡ᠃                       ᠤᠷᠴᠢᠭᠤᠯᠤᠭᠴᠢ᠄ ᠬᠦᠰᠡᠯ                   ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠡᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2