ᠵᠧᠦ ᠺᠠᠢ ᠬᠤᠲᠠ ᠶᠢᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠳᠤ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2025/4/23
   4 ᠰᠠᠷ᠎ᠠ ᠶᠢᠨ 22 ᠤᠨ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠵᠧᠤ ᠺᠠᠶ ᠬᠤᠲᠠ ᠶᠢᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠳᠤ ᠬᠦᠷᠴᠦ᠂ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠪᠠ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠥᠷᠨᠢᠭᠦᠯᠬᠦ ᠶᠢᠨ ᠲᠣᠭᠤᠷᠢᠨ ᠳᠤ ᠪᠠᠶᠢᠴᠠᠭᠠᠨ ᠰᠤᠳᠤᠯᠪᠠ᠃     ᠬᠠᠮᠢᠶ᠎ᠠ ᠪᠦᠬᠦᠢ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ᠂ ᠵᠧᠦ ᠺᠠᠢ᠂ ᠰᠣᠶᠣᠯ ᠵᠢᠭᠤᠯᠴᠢᠯᠠᠯ ᠤᠨ ᠠᠵᠤ ᠦᠢᠯᠡᠰ ᠪᠣᠯ ᠪᠣᠬᠢᠷᠲᠤᠯ ᠦᠭᠡᠢ ᠠᠵᠤ ᠦᠢᠯᠡᠰ᠂ ᠵᠣᠯ ᠵᠢᠷᠭᠠᠯᠲᠤ ᠠᠵᠤ ᠦᠢᠯᠡᠰ᠂ ᠠᠷᠠᠳ ᠢ ᠪᠠᠶᠠᠵᠢᠭᠤᠯᠬᠤ ᠠᠵᠤ ᠦᠢᠯᠡᠰ᠂ ᠥᠭᠡᠳᠡᠯᠡᠨ ᠮᠠᠨᠳᠤᠭᠰᠠᠨ ᠠᠵᠤ ᠦᠢᠯᠡᠰ ᠪᠣᠯᠤᠨ᠎ᠠ᠂ ᠢᠲᠡᠭᠡᠯ ᠵᠣᠷᠢᠭ ᠢᠶᠠᠨ ᠪᠠᠲᠤᠳᠬᠠᠵᠤ᠂ ᠠᠵᠠ ᠲᠣᠬᠢᠶᠠᠯ ᠢ ᠠᠮᠵᠢᠵᠤ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ᠰᠣᠶᠣᠯ ᠢᠶᠠᠷ ᠵᠢᠭᠤᠯᠴᠢᠯᠠᠯ ᠢ ᠱᠤᠭᠤᠬᠤ᠂ ᠵᠢᠭᠤᠯᠴᠢᠯᠠᠯ ᠢᠶᠠᠷ ᠰᠣᠶᠣᠯ ᠢ ᠢᠯᠡᠷᠡᠭᠦᠯᠬᠦ ᠶᠢ ᠪᠠᠷᠢᠮᠲᠠᠯᠠᠵᠤ᠂ ᠵᠢᠭᠤᠯᠴᠢᠯᠠᠯ ᠳᠤ ᠰᠣᠶᠣᠯ ᠤᠨ ᠠᠭᠤᠯᠤᠭᠳᠠᠬᠤᠨ ᠨᠡᠮᠡᠷᠢᠯᠡᠵᠦ᠂ ᠨᠠᠩ ᠣᠯᠠᠨ ᠥᠪᠡᠷᠮᠢᠴᠡ ᠣᠨᠴᠠᠯᠢᠭ ᠲᠠᠢ ᠡᠵᠡᠩᠨᠡᠯᠲᠡ ᠶᠢᠨ ᠬᠡᠯᠪᠡᠷᠢ ᠪᠠᠶᠢᠳᠠᠯ ᠢ ᠨᠡᠭᠡᠭᠡᠨ ᠬᠥᠭᠵᠢᠭᠦᠯᠵᠦ᠂ ᠤᠯᠠᠭᠠᠨᠴᠠᠪ ᠤᠨ ᠥᠯᠢᠭᠡᠷ ᠢ ᠰᠡᠳᠬᠢᠯᠭᠡ ᠲᠠᠢ ᠪᠠᠷ ᠰᠠᠶᠢᠲᠤᠷ ᠶᠠᠷᠢᠬᠤ ᠬᠡᠷᠡᠭᠲᠡᠶ᠃ ᠵᠠᠬ᠎ᠠ ᠳᠡᠯᠭᠡᠭᠦᠷᠴᠢᠯᠡᠭᠰᠡᠨ ᠡᠵᠡᠩᠨᠡᠯᠲᠡ ᠶᠢᠨ ᠣᠶᠢᠯᠠᠭᠠᠭᠳᠠᠬᠤᠨ ᠢ ᠪᠤᠢ ᠪᠣᠯᠭᠠᠵᠤ᠂ ᠨᠡᠩ ᠤᠯᠠᠨ ᠰᠣᠶᠣᠯ ᠵᠢᠭᠤᠯᠴᠢᠯᠠᠯ ᠤᠨ ᠡᠵᠡᠩᠨᠡᠯᠲᠡ ᠶᠢᠨ ᠭᠤᠣᠯ ᠴᠣᠭᠴᠠ ᠶᠢ ᠬᠦᠴᠦᠯᠡᠨ ᠪᠤᠶᠢᠵᠢᠭᠤᠯᠤᠨ ᠪᠤᠵᠠᠭᠠᠶᠢᠷᠠᠭᠤᠯᠵᠤ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠭᠤᠣᠯᠯᠠᠭᠴᠢ ᠦᠷᠢᠰᠦᠯᠳᠦᠬᠦ ᠬᠦᠴᠦᠨ ᠢ ᠴᠢᠩᠭᠠᠳᠬᠠᠬᠤ ᠬᠡᠷᠡᠭᠲᠡᠢ᠃ ᠴᠢᠨᠠᠷ ᠰᠠᠶᠢᠲᠠᠢ ᠦᠢᠯᠡᠳᠬᠦᠨ ᠤ ᠬᠠᠩᠭᠠᠯᠭ᠎ᠠ ᠶᠢ ᠪᠠᠶᠠᠯᠢᠭᠵᠢᠭᠤᠯᠵᠤ᠂ ᠵᠤᠭᠠᠴᠠᠭᠰᠠᠳ ᠤᠨ ᠪᠡᠶᠡᠴᠢᠯᠡᠨ ᠣᠶᠢᠯᠠᠭᠠᠬᠤ ᠲᠦᠷᠦᠭᠳᠡᠯ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠬᠠᠤᠯᠢ ᠬᠡᠷᠡᠭᠵᠢᠭᠦᠯᠬᠦ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠤᠯᠠᠮ ᠴᠢᠨᠠᠭᠰᠢᠳᠠ ᠵᠢᠷᠤᠮᠵᠢᠭᠤᠯᠵᠤ᠂ ᠴᠢᠨᠠᠷ ᠰᠠᠶᠢᠲᠠᠢ ᠦᠢᠯᠡᠴᠢᠯᠡᠭᠡ ᠪᠠᠷ ᠰᠠᠶᠢᠨ ᠰᠠᠶᠢᠬᠠᠨ ᠮᠠᠭᠲᠠᠭᠠᠯ ᠰᠠᠶᠢᠰᠢᠶᠠᠯ ᠢ ᠤᠯᠬᠤ ᠬᠡᠷᠡᠭᠲᠡᠢ ᠭᠡᠵᠦ ᠬᠡᠯᠡᠪᠡ᠃     ᠵᠧᠦ ᠺᠠᠢ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠠᠵᠢᠯ ᠤᠨ ᠭᠤᠣᠯ ᠰᠢᠵᠢᠮ ᠤᠨ ᠲᠣᠭᠤᠷᠢᠨ ᠳᠤ᠂ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠶᠢ ᠰᠠᠶᠢᠲᠤᠷ ᠥᠷᠨᠢᠭᠦᠯᠵᠦ᠂ ᠰᠣᠶᠣᠯ ᠤᠨ ᠥᠪ ᠤᠨ ᠬᠠᠮᠠᠭᠠᠯᠠᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠤᠯᠠᠭᠠᠨᠮᠥ᠋ᠴᠢᠷ ᠤᠨ ᠦᠢᠯᠡᠰ ᠤᠨ ᠡᠷᠡᠭᠦᠯ ᠢᠶᠠᠷ ᠬᠥᠭᠵᠢᠬᠦ ᠶᠢ ᠦᠨᠡᠨ ᠬᠦ ᠠᠬᠢᠭᠤᠯᠬᠤ ᠬᠡᠷᠡᠭᠲᠡᠢ᠃ ᠪᠡᠶ᠎ᠡ ᠶᠢᠨ ᠲᠠᠮᠢᠷ ᠤᠨ ᠬᠦᠴᠦᠷᠬᠡᠭ ᠬᠤᠳᠠ ᠶᠢ ᠲᠦᠷᠭᠡᠨ ᠪᠠᠶᠢᠭᠤᠯᠵᠤ᠂ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ᠂ ᠤᠷᠤᠯᠳᠤᠭᠠᠨ ᠤ ᠪᠡᠶ᠎ᠡ ᠶᠢᠨ ᠲᠠᠮᠢᠷ᠂ ᠪᠡᠶ᠎ᠡ ᠶᠢᠨ ᠲᠠᠮᠢᠷ ᠤᠨ ᠠᠵᠤ ᠦᠢᠯᠡᠰ ᠤᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠬᠡᠷᠡᠭᠲᠡᠢ᠃ ᠲᠤᠰ ᠪᠡᠶ᠎ᠡ ᠶᠢᠨ ᠪᠠᠶᠢᠭᠤᠯᠤᠯᠲᠠ ᠪᠠᠨ ᠲᠠᠰᠤᠷᠠᠯᠲᠠ ᠦᠭᠡᠢ ᠴᠢᠩᠭᠠᠳᠬᠠᠵᠤ᠂ ᠡᠯ᠎ᠡ ᠵᠦᠢᠯ ᠤᠨ ᠠᠵᠢᠯ ᠤᠨ ᠨᠡᠩ ᠶᠡᠭᠡ ᠰᠢᠨ᠎ᠡ ᠠᠬᠢᠴᠠ ᠲᠠᠢ ᠪᠣᠯᠬᠤ ᠶᠢ ᠴᠢᠷᠮᠠᠶᠢᠨ ᠠᠬᠢᠭᠤᠯᠬᠤ ᠬᠡᠷᠡᠭᠲᠡᠢ ᠭᠡᠵᠦ ᠬᠡᠯᠡᠪᠡ᠃     ᠵᠧᠤ ᠺᠠᠶ ᠪᠠᠰᠠ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠲᠤᠬᠠᠶ ᠱᠠᠭᠠᠷᠳᠠᠯᠭ᠎ᠠ ᠳᠤᠷᠠᠳᠤᠭᠰᠠᠨ ᠪᠥᠭᠡᠳ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠤᠨ ᠲᠤᠬᠠᠶ ᠰᠠᠨᠠᠯ ᠰᠠᠨᠠᠭᠤᠯᠭ᠎ᠠ ᠶᠢ ᠬᠤᠷᠢᠶᠠᠪᠠ᠃     ᠰᠦᠢ ᠵᠢᠶᠠᠨ ᠬᠤᠸᠠ ᠣᠷᠣᠯᠴᠠᠪᠠ᠃                                           ᠣᠷᠴᠢᠭᠤᠯᠤᠭᠴᠢ᠄ ᠭᠤᠸ᠎ᠠ                                           ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2