4 ᠰᠠᠷ᠎ᠠ ᠶᠢᠨ 21 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ | ᠯᠢᠦ ᠬᠠᠶ ᠴᠢᠤᠸᠠᠨ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠵᠢᠴᠢ ᠪᠥᠬᠦ ᠬᠤᠲᠠ ᠶᠢᠨ ᠠᠵᠤ | ᠠᠬᠤᠶ ᠶᠢᠨ ᠠᠵᠢᠯᠯᠠᠭᠠᠨ᠂ ᠴᠢᠬᠤᠯᠠ ᠶᠡᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠪᠠ ᠠᠷᠠᠯᠵᠢᠶᠠᠴᠢᠨ | ᠤᠷᠢᠵᠤ ᠪᠠᠯᠠ ᠣᠷᠣᠭᠤᠯᠬᠤ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ | ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ︽ᠰᠢᠨᠵᠢᠯᠡᠬᠦ ᠤᠬᠠᠭᠠᠨ ᠮᠡᠷᠭᠡᠵᠢᠯ ᠤᠨ ᠬᠦᠴᠦᠷᠬᠡᠭ | ᠤᠯᠤᠰ ᠢ ᠪᠥᠲᠥᠭᠡᠨ ᠪᠠᠶᠢᠭᠤᠯᠬᠤ ᠠᠤᠭ᠎ᠠ ᠬᠠᠷᠠᠯᠲᠠ ᠲᠡᠶᠢᠰᠢ ᠡᠷᠡᠯᠬᠡᠭᠯᠡᠨ ᠤᠷᠤᠭᠰᠢᠯᠠᠶ᠎ᠠ︾ ᠭᠡᠬᠦ ᠴᠢᠬᠤᠯᠠ | ᠵᠣᠬᠢᠶᠠᠯ ᠢ ᠤᠯᠠᠮᠵᠢᠯᠠᠨ ᠰᠤᠷᠤᠯᠴᠠᠵᠤ᠂ ᠶᠡᠷᠦᠩᠬᠡᠶ ᠱᠦᠵᠢ ᠰᠢ ᠶᠢᠨ ᠫᠢᠩ ᠤᠨ ᠰᠢᠨᠵᠢᠯᠡᠬᠦ ᠤᠬᠠᠭᠠᠨ ᠮᠡᠷᠭᠡᠵᠢᠯ ᠤᠨ | ᠰᠢᠨ᠎ᠡ ᠶᠢ ᠡᠭᠦᠳᠬᠦ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠰᠢᠨᠵᠢᠯᠡᠬᠦ | ᠤᠬᠠᠭᠠᠨ ᠮᠡᠷᠭᠡᠵᠢᠯ ᠤᠨ ︽ᠪᠦᠰᠡᠯᠡᠯᠲᠡ ᠶᠢ ᠰᠢᠪᠲᠤᠯᠬᠤ︾ ᠢᠨᠵᠧᠨᠧᠷᠢᠩ ᠢ ᠪᠥᠬᠦ ᠬᠦᠴᠦᠨ ᠢᠶᠠᠷ ᠢᠶᠠᠨ | ᠬᠡᠷᠡᠭᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠤᠯᠠᠷᠢᠭᠤᠯᠤᠨ | ᠬᠡᠷᠡᠭᠯᠡᠬᠦ ᠶᠢ ᠲᠦᠷᠭᠡᠳᠬᠡᠵᠦ᠂ ᠪᠥᠬᠦ ᠬᠤᠲᠠ ᠶᠢᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ | ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠶ ᠭᠡᠵᠦ ᠴᠢᠬᠤᠯᠠᠴᠢᠯᠠᠪᠠ᠃ | ᠬᠤᠷᠠᠯ ᠠᠴᠠ ᠨᠢᠭᠡᠳᠦᠭᠡᠷ ᠤᠯᠠᠷᠢᠯ ᠤᠨ ᠠᠵᠤ ᠠᠬᠤᠢ ᠶᠢᠨ ᠠᠵᠢᠯᠯᠠᠭᠠᠨ ᠤ ᠪᠠᠶᠢᠳᠠᠯ ᠢ ᠵᠠᠳᠠᠯᠵᠤ᠂ ᠬᠠᠷᠠᠯᠲᠠ | ᠡᠭᠦᠷᠭᠡ ᠪᠠᠨ ᠲᠣᠭᠲᠠᠭᠠᠵᠤ᠂ ᠠᠤᠭ᠎ᠠ ᠰᠠᠨᠠᠭ᠎ᠠ ᠡᠷᠴᠢ ᠵᠣᠷᠢᠭ ᠢ ᠪᠤᠢ ᠪᠣᠯᠭᠠᠵᠤ᠂ ᠠᠰᠠᠭᠤᠳᠠᠯ ᠳᠤ ᠰᠢᠭᠤᠳ | ᠬᠠᠨᠳᠤᠵᠤ᠂ ᠵᠦᠷᠢᠶ᠎ᠡ ᠪᠠᠨ ᠲᠣᠳᠣᠷᠬᠠᠢ ᠲᠠᠨᠢᠵᠤ᠂ ᠴᠠᠭ ᠮᠥᠴᠡ ᠶᠢ ᠠᠮᠵᠢᠵᠤ᠂ ᠬᠦᠴᠦᠯᠡᠨ ᠲᠡᠮᠡᠴᠡᠵᠦ᠂ ᠠᠵᠤ | ᠠᠬᠤᠢ ᠶᠢᠨ ᠠᠵᠢᠯᠯᠠᠭᠠᠨ ᠤ ᠲᠤᠬᠢᠷᠠᠭᠤᠯᠤᠯᠳᠠ ᠶᠢ ᠴᠢᠩᠭ᠎ᠠ ᠠᠳᠬᠤᠵᠤ᠂ ᠰᠢᠨ᠎ᠡ ᠨᠡᠮᠡᠭᠳᠡᠯ ᠤᠨ ᠬᠡᠮᠵᠢᠶ᠎ᠡ ᠶᠢ | ᠠᠳᠬᠤᠵᠤ᠂ ᠰᠢᠨ᠎ᠡ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ᠃ ᠠᠵᠤ ᠦᠢᠯᠡᠳᠪᠦᠷᠢ ᠶᠢᠨ ᠨᠡᠮᠡᠭᠳᠡᠯ ᠤᠨ | ᠬᠡᠮᠵᠢᠶ᠎ᠡ ᠶᠢ ᠠᠳᠬᠤᠬᠤ ᠶᠢ ᠴᠢᠩᠭ᠎ᠠ ᠠᠩᠬᠠᠷᠴᠤ᠂ ᠭᠤᠣᠯᠳᠠᠯᠭ᠎ᠠ ᠲᠠᠢ ᠠᠵᠢᠯ ᠲᠦᠷᠦᠯ᠂ ᠭᠤᠣᠯᠳᠠᠯᠭ᠎ᠠ ᠲᠠᠢ ᠠᠵᠤ | ᠠᠬᠤᠶᠢᠯᠠᠯ᠂ ᠭᠤᠣᠯᠳᠠᠯᠭ᠎ᠠ ᠲᠠᠢ ᠦᠢᠯᠡᠳᠬᠦᠨ ᠢ ᠬᠢᠨᠠᠨ ᠬᠡᠮᠵᠢᠵᠦ ᠵᠠᠳᠠᠯᠬᠤ ᠶᠢ ᠴᠢᠩᠭᠠᠳᠬᠠᠵᠤ᠂ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠢ ᠪᠤᠶᠢᠵᠢᠭᠤᠯᠬᠤ ᠬᠥᠮᠥᠷᠭᠡ ᠶᠢ | ᠪᠠᠶᠢᠭᠤᠯᠵᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢ ᠪᠤᠶᠢᠵᠢᠭᠤᠯᠤᠨ ᠪᠤᠵᠠᠭᠠᠶᠢᠷᠠᠭᠤᠯᠵᠤ᠂ ᠠᠵᠤ | ᠦᠢᠯᠡᠳᠪᠦᠷᠢ ᠶᠢᠨ ᠬᠥᠭᠵᠢᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ | ᠠᠬᠢᠭᠤᠯᠬᠤ ᠬᠡᠷᠡᠭᠲᠡᠢ᠃ ᠲᠦᠷᠦᠯ ᠵᠦᠢᠯ ᠢ ᠴᠢᠩᠭ᠎ᠠ ᠠᠩᠬᠠᠷᠴᠤ ᠪᠡᠯᠡ ᠣᠷᠣᠭᠤᠯᠤᠯᠲᠠ ᠶᠢ ᠠᠳᠬᠤᠵᠤ᠂ ᠭᠠᠷᠳᠠᠮ | ᠭᠦᠢᠴᠡᠳᠬᠡᠬᠦ ᠶᠢ ᠲᠦᠷᠭᠡᠳᠬᠡᠵᠦ᠂ ᠴᠢᠨᠠᠷ ᠰᠠᠶᠢᠲᠠᠢ ᠥᠨᠳᠥᠷ ᠪᠦᠲᠦᠮᠵᠢᠲᠡᠢ ᠲᠦᠷᠦᠯ ᠵᠦᠢᠯ ᠤᠨ ᠪᠦᠳᠦᠭᠡᠨ | ᠪᠠᠶᠢᠭᠤᠯᠤᠯᠲᠠ ᠶᠢ ᠲᠦᠷᠭᠡᠳᠬᠡᠵᠦ᠂ ᠨᠡᠩ ᠤᠯᠠᠨ ᠪᠣᠳᠠᠲᠤ ᠪᠣᠳᠠᠰ ᠤᠨ ᠬᠡᠮᠵᠢᠶ᠎ᠡ ᠶᠢ ᠪᠦᠷᠢᠯᠳᠦᠭᠦᠯᠵᠦ᠂ ᠲᠦᠷᠦᠯ | ᠵᠦᠢᠯ ᠢ ᠠᠯᠢ ᠲᠦᠷᠭᠡᠨ ᠢᠶᠠᠷ ᠠᠵᠤ ᠠᠬᠤᠶᠢᠯᠠᠯ ᠪᠣᠯᠭᠠᠨ ᠪᠠᠶᠢᠭᠤᠯᠬᠤ ᠬᠡᠷᠡᠭᠲᠡᠢ᠃ ᠳᠠᠯᠳᠠ ᠬᠦᠴᠦᠨ ᠢ ᠠᠭᠤᠳᠠᠯᠤᠨ | ᠬᠡᠷᠡᠭᠯᠡᠭᠡ ᠶᠢ ᠠᠳᠬᠤᠵᠤ᠂ ᠬᠡᠷᠡᠭᠯᠡᠭᠡᠨ ᠤ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠶᠢ ᠶᠡᠬᠡᠪᠡᠷ ᠠᠬᠢᠭᠤᠯᠵᠤ᠂ | ᠤᠯᠠᠨ ᠬᠦᠷᠢᠶ᠎ᠡ᠂ ᠤᠯᠠᠨ ᠲᠡᠰ ᠳᠠᠪᠬᠤᠷᠭ᠎ᠠ᠂ ᠤᠯᠠᠨ ᠡᠰᠢᠴᠢᠯᠡᠨ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠶᠢ | ᠥᠷᠨᠢᠭᠦᠯᠵᠦ᠂ ᠬᠡᠷᠡᠭᠯᠡᠭᠡᠨ ᠤ ᠠᠮᠢᠵᠢᠷᠠᠯ ᠤᠨ ᠬᠦᠴᠦᠨ ᠢ ᠭᠦᠢᠴᠡᠳ ᠪᠠᠳᠠᠷᠠᠭᠤᠯᠬᠤ ᠬᠡᠷᠡᠭᠲᠡᠢ᠃ ᠠᠵᠤ ᠦᠢᠯᠡᠰ ᠢ | ᠴᠢᠩᠭ᠎ᠠ ᠠᠩᠬᠠᠷᠴᠤ ᠠᠷᠠᠯᠵᠢᠶᠠᠴᠢᠨ ᠤᠷᠢᠬᠤ ᠶᠢ ᠠᠳᠬᠤᠵᠤ᠂ ᠠᠷᠠᠯᠵᠢᠶᠠᠴᠢᠨ ᠢᠶᠠᠷ ᠠᠷᠠᠯᠵᠢᠶᠠᠴᠢᠨ ᠤᠷᠢᠬᠤ᠂ | ᠬᠡᠯᠬᠢᠶ᠎ᠡ ᠪᠠᠷ ᠠᠷᠠᠯᠵᠢᠶᠠᠴᠢᠨ ᠤᠷᠢᠬᠤ ᠶᠢ ᠶᠡᠬᠡᠪᠡᠷ ᠥᠷᠨᠢᠭᠦᠯᠵᠦ᠂ ᠨᠢᠭᠡ ᠪᠦᠯᠦᠭ ᠲᠤᠮᠤ ᠲᠦᠷᠦᠯ ᠵᠦᠢᠯ ᠰᠠᠶᠢᠨ | ᠲᠦᠷᠦᠯ ᠵᠦᠢᠯ ᠢ ᠪᠦᠬᠦ ᠬᠦᠴᠦᠨ ᠢᠶᠠᠷ ᠢᠶᠠᠨ ᠣᠷᠣᠭᠤᠯᠤᠨ ᠠᠪᠴᠢᠷᠠᠬᠤ ᠬᠡᠷᠡᠭᠲᠡᠢ᠃ ᠬᠠᠷᠢᠭᠤᠴᠠᠯᠭ᠎ᠠ ᠶᠢ | ᠪᠣᠳᠠᠲᠠᠶᠢᠵᠢᠭᠤᠯᠵᠤ᠂ ᠰᠤᠷᠲᠠᠯ ᠢ ᠪᠠᠬᠢᠵᠢᠭᠦᠯᠵᠦ᠂ ᠠᠵᠢᠯᠯᠠᠬᠤ ᠶᠢ ᠲᠡᠷᠢᠭᠦᠨ ᠳᠤ ᠲᠠᠯᠪᠢᠵᠤ᠂ ᠳᠡᠭᠡᠷ᠎ᠡ ᠬᠠᠭᠠᠰ | ᠵᠢᠯ ᠳᠤ ᠰᠢᠢᠳᠪᠦᠷᠢᠲᠦ ᠳᠠᠶᠢᠯᠠᠯᠳᠤᠭᠠᠨ ᠬᠢᠵᠦ᠂ 2025 ᠤᠨ ᠰᠢᠢᠳᠪᠦᠷᠢᠲᠦ ᠢᠯᠠᠯᠲᠠ ᠶᠢ ᠣᠯᠵᠤ᠂ ᠡᠯ᠎ᠡ | ᠵᠦᠢᠯ ᠤᠨ ᠠᠵᠢᠯ ᠤᠨ ᠲᠡᠷᠢᠭᠦᠨ ᠤ ᠬᠢ ᠪᠣᠯᠬᠤ ᠪᠠᠷ ᠴᠢᠷᠮᠠᠶᠢᠬᠤ ᠶᠢ ᠬᠦᠴᠦᠯᠡᠨ ᠠᠬᠢᠭᠤᠯᠬᠤ ᠬᠡᠷᠡᠭᠲᠡᠢ ᠭᠡᠵᠦ | ᠴᠢᠬᠤᠯᠠᠴᠢᠯᠠᠪᠠ᠃ | ᠣᠷᠴᠢᠭᠤᠯᠤᠭᠴᠢ᠄ ᠭᠤᠸ᠎ᠠ | ᠬᠢᠨᠠᠭᠴᠢ᠄ ᠠᠷᠢᠭᠤᠨ |