| | ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 23 ᠤ ᠴᠠᠭᠢᠯᠭᠠᠨ ᠮᠡᠳᠡᠭᠡ ᠳᠤᠮᠳᠠᠳᠤ ᠤᠯᠤᠰ ᠤᠨ | ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ | ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠣᠶᠢᠷ᠎ᠠ ᠶᠢᠨ ᠡᠳᠦᠷ ᠬᠤᠶᠠᠷ ᠢ ᠬᠦᠷᠢᠶᠡᠯᠡᠬᠦ | ᠠᠵᠢᠯ ᠳᠤ ᠴᠢᠬᠤᠯᠠ ᠵᠢᠭᠠᠪᠤᠷᠢ ᠥᠭᠴᠦ᠂ ᠴᠡᠷᠢᠭ ᠢᠶᠠᠨ ᠬᠦᠷᠢᠶᠡᠯᠡᠨ ᠭᠡᠷ ᠪᠦᠯᠢ ᠶᠢ ᠨᠢ ᠬᠠᠷᠠᠭᠠᠯᠵᠠᠬᠤ᠂ | ᠵᠠᠰᠠᠭ ᠢᠶᠠᠨ ᠬᠦᠷᠢᠶᠡᠯᠡᠨ ᠠᠷᠠᠳ ᠢᠶᠠᠨ ᠬᠠᠶᠢᠷᠠᠯᠠᠬᠤ ᠪᠣᠯ ᠮᠠᠨ ᠤ ᠨᠠᠮ ᠮᠠᠨ ᠤ ᠴᠡᠷᠢᠭ ᠮᠠᠨ ᠤ ᠤᠯᠤᠰ ᠤᠨ ᠠᠷᠠᠳ | ᠲᠦᠮᠡᠨ ᠤ ᠰᠢᠯᠢᠳᠡᠭ ᠤᠯᠠᠮᠵᠢᠯᠠᠯ ᠪᠠ ᠣᠨᠴᠠᠭᠠᠶ ᠤᠯᠤᠰ ᠲᠥᠷᠥ ᠶᠢᠨ ᠳᠠᠪᠠᠭᠤᠯᠢᠭ ᠮᠥᠨ᠃ ᠰᠢᠨ᠎ᠡ ᠠᠶᠠᠨ ᠳᠤ᠂ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ᠂ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ | ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠭᠦᠨᠵᠡᠭᠡᠶᠢᠷᠡᠭᠦᠯᠵᠦ᠂ ᠲᠥᠷᠥ ᠶᠢᠨ ᠪᠣᠳᠣᠯᠭ᠎ᠠ ᠶᠢᠨ ᠲᠣᠭᠲᠠᠴᠠ ᠶᠢ | ᠲᠡᠭᠦᠯᠳᠡᠷᠵᠢᠭᠦᠯᠵᠦ᠂ ᠬᠤᠶᠠᠷ ᠢ ᠬᠦᠷᠢᠶᠡᠯᠡᠬᠦ ᠠᠵᠢᠯ ᠤᠨ ᠲᠠᠰᠤᠷᠠᠯᠲᠠ ᠦᠭᠡᠢ ᠰᠢᠨ᠎ᠡ ᠳᠠᠪᠰᠢᠯᠲᠠ ᠲᠠᠢ ᠪᠤᠯᠬᠤ ᠶᠢ | ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠵᠠᠢ᠃ | ᠰᠢ ᠶᠢᠨ ᠫᠢᠩ᠂ ᠡᠯ᠎ᠡ ᠱᠠᠲᠤᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠴᠡᠷᠢᠭ ᠠᠩᠭᠢ ᠶᠢᠨ | ᠪᠦᠲᠦᠭᠡᠨ ᠪᠠᠶᠢᠭᠤᠯᠤᠯᠲᠠ ᠪᠣᠯᠣᠨ ᠥᠭᠡᠷᠡᠴᠢᠯᠡᠯᠲᠡ ᠶᠢ ᠬᠠᠯᠠᠮᠵᠢᠯᠠᠨ ᠳᠡᠮᠵᠢᠵᠦ᠂ ᠥᠷᠭᠡᠨ ᠣᠯᠠᠨ ᠳᠠᠷᠤᠭ᠎ᠠ | ᠪᠠᠶᠢᠯᠳᠤᠭᠴᠢ ᠶᠢᠨ ᠬᠦᠴᠢᠷ ᠵᠣᠪᠠᠭᠤᠷᠢ ᠶᠢ ᠰᠠᠨᠠᠭᠠᠴᠢᠯᠠᠭ᠎ᠠ ᠠᠴᠠ ᠪᠠᠨ ᠰᠢᠢᠳᠪᠦᠷᠢᠯᠡᠨ ᠥᠭᠴᠦ᠂ ᠤᠯᠤᠰ ᠤᠨ | ᠪᠠᠲᠤᠯᠠᠨ ᠬᠠᠮᠠᠭᠠᠯᠠᠯᠲᠠ ᠶᠢ ᠬᠠᠯᠠᠮᠵᠢᠯᠠᠬᠤ᠂ ᠴᠡᠷᠢᠭ ᠠᠩᠭᠢ ᠶᠢ ᠬᠠᠶᠢᠷᠠᠯᠠᠬᠤ᠂ ᠴᠡᠷᠢᠭ ᠬᠥᠮᠥᠨ ᠢ ᠬᠦᠨᠳᠦᠳᠬᠡᠬᠦ | ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠤᠯᠠᠮ ᠨᠢᠭᠡ ᠠᠯᠬᠤᠮ ᠪᠤᠶ ᠪᠤᠯᠭᠠᠬᠤ ᠬᠡᠷᠡᠭᠲᠡᠢ᠃ ᠴᠡᠷᠢᠭ | ᠠᠩᠭᠢ ᠵᠣᠷᠢᠯᠲᠠ ᠶᠢᠨ ᠤᠬᠠᠮᠰᠠᠷ ᠢᠶᠠᠨ ᠪᠠᠲᠤ ᠪᠤᠢ ᠪᠤᠯᠭᠠᠵᠤ᠂ ᠣᠷᠣᠨ ᠨᠤᠲᠤᠭ ᠤᠨ ᠪᠦᠲᠦᠭᠡᠨ ᠪᠠᠶᠢᠭᠤᠯᠤᠯᠲᠠ | ᠬᠥᠭᠵᠢᠯᠲᠡ ᠶᠢ ᠢᠳᠡᠪᠬᠢᠲᠡᠢ ᠳᠡᠮᠵᠢᠵᠦ᠂ ᠪᠣᠳᠠᠲᠤ ᠠᠵᠢᠯᠯᠠᠭ᠎ᠠ ᠪᠠᠷ ᠢᠶᠠᠨ ᠠᠷᠠᠳ ᠲᠦᠮᠡᠨ ᠳᠤ ᠪᠤᠶᠠᠨ ᠦᠢᠯᠡᠳᠴᠦ | ᠠᠰᠢᠭ ᠬᠦᠷᠲᠡᠭᠡᠬᠦ ᠬᠡᠷᠡᠭᠲᠡᠢ᠃ ᠴᠡᠷᠢᠭ ᠠᠩᠭᠢ ᠣᠷᠣᠨ ᠨᠤᠲᠤᠭ ᠬᠤᠶᠠᠷ ᠲᠠᠯ᠎ᠠ ᠪᠠᠷ ᠢᠶᠠᠨ ᠨᠢᠭᠲᠠ ᠬᠠᠮᠵᠢᠯᠴᠠᠵᠤ᠂ | ᠴᠡᠷᠢᠭ ᠵᠠᠰᠠᠭ ᠴᠡᠷᠢᠭ ᠠᠷᠠᠳ ᠤᠨ ᠪᠠᠲᠤ ᠪᠠᠬᠢ ᠪᠦᠯᠬᠦᠮᠳᠡᠯ ᠢ ᠪᠠᠬᠢᠵᠢᠭᠦᠯᠦᠨ ᠬᠥᠭᠵᠢᠭᠦᠯᠵᠦ᠂ ᠠᠷᠠᠳ | ᠲᠦᠮᠡᠨ ᠢᠶᠠᠨ ᠬᠠᠶᠢᠷᠠᠯᠠᠬᠤ ᠴᠡᠷᠢᠭ ᠢᠶᠠᠨ ᠬᠠᠶᠢᠷᠠᠯᠠᠬᠤ ᠴᠠᠭ ᠦᠶ᠎ᠡ ᠶᠢᠨ ᠰᠢᠨ᠎ᠡ ᠬᠠᠭᠤᠳᠠᠰᠤ ᠶᠢ ᠬᠠᠮᠲᠤ ᠪᠠᠷ | ᠪᠢᠴᠢᠭᠯᠡᠬᠦ ᠬᠡᠷᠡᠭᠲᠡᠢ ᠭᠡᠵᠦ ᠴᠢᠬᠤᠯᠠᠴᠢᠯᠠᠵᠠᠢ᠃ | ᠪᠦᠭᠦ ᠤᠯᠤᠰ ᠤᠨ ᠬᠤᠶᠠᠷ ᠢ ᠬᠦᠷᠢᠶᠡᠯᠡᠬᠦ ᠵᠢᠱᠢᠶᠡᠴᠢ ᠬᠤᠲᠠ ︵ᠰᠢᠶᠠᠨ︶ ᠶᠢ ᠨᠡᠷᠡᠶᠢᠳᠬᠦ ᠶᠡᠭᠡ ᠬᠤᠷᠠᠯ 4 | ᠰᠠᠷ᠎ᠠ ᠶᠢᠨ 23 ᠤ ᠡᠳᠦᠷ ᠪᠡᠭᠡᠵᠢᠩ ᠳᠤ ᠬᠤᠷᠠᠯᠳᠤᠪᠠ᠃ ᠬᠤᠷᠠᠯ ᠳᠡᠭᠡᠷ᠎ᠡ ᠰᠢ ᠶᠢᠨ ᠫᠢᠩ ᠤᠨ ᠴᠢᠬᠤᠯᠠ | ᠵᠢᠭᠠᠪᠤᠷᠢ ᠶᠢ ᠤᠯᠠᠮᠵᠢᠯᠠᠪᠠ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ | ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠶᠡᠷᠦᠩᠬᠡᠢ | ᠰᠠᠶᠢᠳ ᠯᠢ ᠴᠢᠶᠠᠩ ᠶᠡᠭᠡ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ | ᠯᠢ ᠴᠢᠶᠠᠩ ᠶᠠᠷᠢᠶᠠᠨ ᠳᠠᠭᠠᠨ᠂ ᠶᠡᠷᠦᠩᠬᠡᠢ ᠱᠦᠵᠢ ᠰᠢ ᠶᠢᠨ ᠫᠢᠩ ᠤᠨ ᠬᠤᠶᠠᠷ ᠢ ᠬᠦᠷᠢᠶᠡᠯᠡᠬᠦ ᠠᠵᠢᠯ ᠤᠨ | ᠲᠤᠬᠠᠢ ᠴᠢᠬᠤᠯᠠ ᠥᠭᠦᠯᠡᠯᠲᠡ ᠪᠠ ᠴᠢᠬᠤᠯᠠ ᠵᠢᠭᠠᠪᠤᠷᠢ ᠪᠣᠯ ᠨᠠᠮ ᠠᠴᠠ ᠬᠤᠶᠠᠷ ᠢ ᠬᠦᠷᠢᠶᠡᠯᠡᠬᠦ ᠠᠵᠢᠯ ᠢ | ᠤᠳᠤᠷᠢᠳᠤᠭᠰᠠᠨ ᠲᠡᠦᠬᠡᠨ ᠲᠤᠷᠰᠢᠯᠭ᠎ᠠ ᠶᠢᠨ ᠳ᠋ᠦᠩᠨᠡᠯᠲᠡ ᠪᠠ ᠣᠨᠣᠯ ᠤᠨ ᠰᠢᠨ᠎ᠡ ᠡᠭᠦᠳᠦᠯᠲᠡ ᠶᠢᠨ ᠦᠷ᠎ᠡ | ᠪᠦᠲᠦᠭᠡᠯ ᠪᠠᠶᠢᠵᠤ᠂ ᠰᠢᠨ᠎ᠡ ᠴᠠᠭ ᠦᠶ᠎ᠡ ᠰᠢᠨ᠎ᠡ ᠠᠶᠠᠨ ᠳᠤ ᠬᠤᠶᠠᠷ ᠢ ᠬᠦᠷᠢᠶᠡᠯᠡᠬᠦ ᠠᠵᠢᠯ ᠢ ᠰᠠᠶᠢᠲᠤᠷ ᠬᠢᠬᠦ ᠳᠤ | ᠦᠨᠳᠦᠰᠦᠨ ᠵᠢᠷᠤᠮᠯᠠᠯ ᠬᠠᠩᠭᠠᠪᠠ᠃ ᠪᠢᠳᠡ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠤᠶᠠᠷ ᠢ | ᠬᠦᠷᠢᠶᠡᠯᠡᠬᠦ ᠠᠵᠢᠯ ᠤᠨ ᠰᠢᠨ᠎ᠡ ᠪᠠᠶᠢᠳᠠᠯ ᠢ ᠲᠠᠰᠤᠷᠠᠯᠲᠠ ᠦᠭᠡᠢ ᠡᠭᠦᠳᠬᠦ ᠬᠡᠷᠡᠭᠲᠡᠢ ᠭᠡᠵᠦ ᠵᠢᠭᠠᠵᠤ ᠭᠠᠷᠭᠠᠵᠠᠢ᠃ | ᠯᠢ ᠴᠢᠶᠠᠩ᠂ ᠣᠶᠢᠷ᠎ᠠ ᠶᠢᠨ ᠵᠢᠯ ᠠᠴᠠ᠂ ᠴᠡᠷᠢᠭ ᠠᠩᠭᠢ ᠪᠠ ᠣᠷᠣᠨ ᠨᠤᠲᠤᠭ ᠤᠨ ᠡᠯ᠎ᠡ ᠱᠠᠲᠤ ᠡᠯ᠎ᠡ | ᠲᠠᠯ᠎ᠠ ᠶᠢᠨ ᠬᠢᠨ ᠤ ᠬᠠᠮᠲᠤ ᠶᠢᠨ ᠴᠢᠷᠮᠠᠶᠢᠯᠭ᠎ᠠ ᠪᠠᠷ᠂ ᠬᠤᠶᠠᠷ ᠢ ᠬᠦᠷᠢᠶᠡᠯᠡᠬᠦ ᠠᠵᠢᠯ ᠢᠳᠡᠪᠬᠢᠲᠡᠢ ᠠᠬᠢᠴᠠ ᠲᠠᠢ | ᠪᠣᠯᠵᠤ᠂ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠳᠦᠷᠢᠮ ᠤᠨ ᠰᠢᠰᠲ᠋ᠧᠮ ᠨᠡᠩ ᠪᠦᠷᠢᠨᠰᠢᠵᠦ᠂ ᠨᠡᠶᠢᠭᠡᠮ ᠤᠨ | ᠴᠡᠷᠢᠭ ᠢ ᠬᠦᠷᠢᠶᠡᠯᠡᠬᠦ ᠵᠣᠬᠢᠶᠠᠨ ᠪᠠᠶᠢᠭᠤᠯᠤᠯᠲᠠ ᠪᠠ ᠦᠢᠯᠡᠴᠢᠯᠡᠭᠡᠨ ᠤ ᠲᠣᠣᠷ ᠨᠡᠩ ᠲᠡᠭᠦᠯᠳᠡᠷᠵᠢᠵᠦ᠂ ᠪᠦᠭᠦ ᠴᠡᠷᠢᠭ | ᠠᠩᠭᠢ ᠶᠢᠨ ᠬᠢᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠪᠠ ᠬᠢᠯᠢ ᠬᠢᠵᠠᠭᠠᠷ ᠢ ᠬᠦᠴᠦᠷᠬᠡᠭᠵᠢᠭᠦᠯᠵᠦ ᠰᠡᠷᠭᠡᠶᠢᠯᠡᠯᠲᠡ ᠶᠢ ᠪᠠᠬᠢᠵᠢᠭᠦᠯᠬᠦ ᠵᠡᠷᠭᠡ ᠴᠢᠬᠤᠯᠠ ᠶᠡᠭᠡ | ᠪᠠᠶᠢᠯᠳᠤᠬᠤ ᠪᠣᠳᠣᠯᠭ᠎ᠠ ᠶᠢᠨ ᠬᠡᠷᠡᠭᠵᠢᠭᠦᠯᠦᠯᠲᠡ ᠳᠤ ᠢᠳᠡᠪᠬᠢᠲᠡᠢ ᠣᠷᠣᠯᠴᠠᠵᠤ᠂ ᠠᠶᠤᠯ ᠭᠠᠮᠰᠢᠭ ᠠᠴᠠ ᠠᠪᠤᠷᠠᠬᠤ᠂ | ᠳᠤᠮᠳᠠᠳᠤ ᠶᠢᠨ ᠬᠠᠷᠢᠶᠠᠲᠤ ᠨᠠᠷ ᠤᠨ ᠪᠤᠴᠠᠵᠤ ᠭᠠᠷᠬᠤ ᠠᠶᠠᠯᠠᠯ ᠢ ᠬᠠᠮᠠᠭᠠᠯᠠᠬᠤ᠂ ᠲᠣᠭᠲᠠᠭᠤᠨ ᠢ ᠬᠠᠮᠠᠭᠠᠯᠠᠵᠤ | ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠵᠡᠷᠭᠡ ᠡᠭᠦᠷᠭᠡ ᠶᠢ ᠭᠠᠷᠮᠠᠭᠠᠢ ᠪᠡᠶᠡᠯᠡᠭᠦᠯᠪᠡ᠃ ᠣᠳᠣᠬᠠᠨ ᠤ ᠪᠠ | ᠬᠤᠶᠢᠰᠢᠳᠠ ᠶᠢᠨ ᠬᠡᠰᠡᠭ ᠬᠤᠭᠤᠴᠠᠭ᠎ᠠ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ | ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ | ᠲᠠᠯ᠎ᠠ ᠪᠠᠷ ᠠᠬᠢᠭᠤᠯᠬᠤ ᠵᠠᠩᠭᠢᠯᠠᠭ᠎ᠠ ᠶᠢᠨ ᠬᠤᠭᠤᠴᠠᠭ᠎ᠠ ᠪᠣᠯᠣᠨ᠎ᠠ᠃ ᠬᠤᠶᠠᠷ ᠢ ᠬᠦᠷᠢᠶᠡᠯᠡᠬᠦ ᠠᠵᠢᠯ ᠨᠢ ᠴᠡᠷᠢᠭ | ᠠᠩᠭᠢ ᠪᠠ ᠣᠷᠣᠨ ᠨᠤᠲᠤᠭ ᠲᠠᠢ ᠬᠠᠷᠢᠯᠴᠠᠵᠤ᠂ ᠴᠡᠷᠢᠭ ᠠᠷᠠᠳ ᠢ ᠪᠦᠯᠬᠦᠮᠳᠡᠭᠦᠯᠵᠦ᠂ ᠰᠡᠳᠬᠢᠯ ᠢ ᠨᠢᠭᠡᠳᠬᠡᠨ | ᠬᠦᠴᠦ ᠶᠢ ᠬᠠᠮᠲᠤᠳᠬᠠᠬᠤ ᠴᠢᠬᠤᠯᠠ ᠦᠢᠯᠡᠳᠦᠯ ᠢᠶᠠᠨ ᠨᠡᠩ ᠰᠠᠶᠢᠲᠤᠷ ᠪᠠᠳᠠᠷᠠᠭᠤᠯᠵᠤ᠂ ᠴᠡᠷᠢᠭ ᠠᠩᠭᠢ ᠪᠠ ᠣᠷᠣᠨ | ᠨᠤᠲᠤᠭ ᠢ ᠬᠤᠣᠰ ᠴᠢᠭᠯᠡᠯ ᠢᠶᠠᠷ ᠳᠡᠮᠵᠢᠬᠦ ᠥᠪᠡᠷᠮᠢᠴᠡ ᠳᠠᠪᠠᠭᠤᠯᠢᠭ ᠢᠶᠠᠨ ᠪᠠᠳᠠᠷᠠᠭᠤᠯᠵᠤ᠂ ᠨᠠᠮ ᠪᠠ ᠤᠯᠤᠰ ᠤᠨ | ᠠᠵᠢᠯ ᠦᠢᠯᠡᠰ ᠤᠨ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠪᠡ᠃ | ᠯᠢ ᠴᠢᠶᠠᠩ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠤᠯᠤᠰ ᠤᠨ ᠪᠠᠲᠤᠯᠠᠨ | ᠬᠠᠮᠠᠭᠠᠯᠠᠯᠲᠠ ᠶᠢᠨ ᠤᠬᠠᠮᠰᠠᠷ ᠪᠣᠯᠣᠨ ᠪᠦᠭᠦ ᠲᠠᠯ᠎ᠠ ᠶᠢᠨ ᠦᠵᠡᠯᠲᠡ ᠶᠢ ᠪᠠᠲᠤ ᠪᠤᠢ ᠪᠤᠯᠭᠠᠵᠤ᠂ ᠴᠡᠷᠢᠭ ᠠᠩᠭᠢ ᠶᠢᠨ | ᠪᠦᠲᠦᠭᠡᠨ ᠪᠠᠶᠢᠭᠤᠯᠤᠯᠲᠠ ᠪᠣᠯᠣᠨ ᠥᠭᠡᠷᠡᠴᠢᠯᠡᠯᠲᠡ ᠶᠢᠨ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ | ᠡᠬᠢ ᠪᠠᠶᠠᠯᠢᠭ ᠢ ᠨᠢᠭᠡᠳᠦᠯᠲᠡᠢ ᠲᠥᠯᠥᠪᠵᠢᠭᠦᠯᠬᠦ ᠶᠢ ᠴᠢᠩᠭᠠᠳᠬᠠᠵᠤ᠂ ᠴᠡᠷᠢᠭ ᠠᠩᠭᠢ ᠪᠣᠯᠣᠨ ᠣᠷᠣᠨ ᠨᠤᠲᠤᠭ ᠤᠨ | ᠬᠠᠮᠵᠢᠯᠴᠠᠭ᠎ᠠ ᠶᠢ ᠨᠢᠭᠲᠠᠷᠠᠭᠤᠯᠵᠤ᠂ ᠤᠯᠤᠰ ᠤᠨ ᠪᠠᠲᠤᠯᠠᠨ ᠬᠠᠮᠠᠭᠠᠯᠠᠯᠲᠠ ᠪᠣᠯᠣᠨ ᠴᠡᠷᠢᠭ ᠠᠩᠭᠢ ᠶᠢᠨ | ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠳᠤ ᠰᠠᠨᠠᠭᠠᠴᠢᠯᠠᠭ᠎ᠠ ᠠᠴᠠ ᠪᠠᠨ ᠦᠢᠯᠡᠴᠢᠯᠡᠬᠦ ᠬᠡᠷᠡᠭᠲᠡᠢ᠃ | ᠠᠯᠪᠠᠨ ᠳᠤ ᠪᠠᠶᠢᠭ᠎ᠠ ᠴᠡᠷᠢᠭ ᠪᠣᠯᠣᠨ ᠠᠯᠪᠠ ᠠᠴᠠ ᠬᠠᠯᠠᠭᠳᠠᠭᠰᠠᠨ ᠴᠡᠷᠢᠭ ᠤᠨ ᠪᠣᠳᠠᠲᠠᠢ ᠬᠡᠷᠡᠭᠴᠡᠭᠡ ᠶᠢ ᠨᠢᠭᠡᠳᠦᠯᠲᠡᠢ | ᠲᠥᠯᠥᠪᠵᠢᠭᠦᠯᠦᠨ ᠪᠣᠳᠣᠯᠬᠢᠯᠠᠵᠤ᠂ ᠦᠢᠯᠡᠴᠢᠯᠡᠭᠡ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢᠨ ᠣᠨᠣᠪᠴᠢᠲᠤ ᠴᠢᠨᠠᠷ ᠢ | ᠳᠡᠭᠡᠭᠰᠢᠯᠡᠭᠦᠯᠵᠦ᠂ ᠴᠡᠷᠢᠭ ᠬᠥᠮᠥᠨ ᠤ ᠬᠠᠯᠠᠮᠵᠢᠯᠠᠵᠤ ᠪᠠᠶᠢᠭ᠎ᠠ ᠦᠷ᠎ᠡ ᠬᠡᠦᠬᠡᠳ ᠤᠨ ᠬᠢᠨᠢ ᠰᠤᠷᠭᠠᠨ ᠬᠥᠮᠦᠵᠢᠯ᠂ | ᠭᠡᠷ ᠪᠦᠯᠢ ᠶᠢᠨ ᠬᠢᠨ ᠤ ᠠᠵᠢᠯ ᠣᠯᠭᠤᠯᠲᠠ᠂ ᠡᠴᠢᠭᠡ ᠡᠬᠡ ᠶᠢᠨ ᠬᠢᠨᠢ ᠨᠠᠰᠤᠵᠢᠯ ᠤᠨ ᠠᠰᠠᠷᠠᠮᠵᠢ ᠵᠡᠷᠭᠡ | ᠠᠰᠠᠭᠤᠳᠠᠯ ᠢ ᠴᠢᠩ ᠰᠡᠳᠬᠢᠯ ᠠᠴᠠ ᠪᠠᠨ ᠬᠠᠪᠰᠤᠷᠤᠨ ᠰᠢᠢᠳᠪᠦᠷᠢᠯᠡᠵᠦ᠂ ᠴᠡᠷᠢᠭ ᠤᠨ ᠠᠯᠪᠠ ᠠᠴᠠ | ᠬᠠᠯᠠᠭᠳᠠᠭᠰᠠᠳ ᠢ ᠲᠥᠪᠬᠢᠨᠡᠭᠦᠯᠬᠦ᠂ ᠠᠵᠢᠯ ᠣᠯᠵᠤ ᠦᠢᠯᠡᠰ ᠪᠣᠰᠬᠠᠬᠤ᠂ ᠠᠰᠠᠷᠠᠮᠵᠢ ᠬᠠᠷᠠᠭᠠᠯᠵᠠᠯ ᠪᠠ | ᠬᠦᠴᠢᠷᠳᠡᠯ ᠢ ᠨᠢ ᠬᠠᠪᠰᠤᠷᠤᠨ ᠲᠡᠳᠬᠦᠬᠦ ᠵᠡᠷᠭᠡ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃ ᠴᠡᠷᠢᠭ | ᠠᠩᠭᠢ ᠶᠢᠨ ᠲᠣᠰ ᠪᠡᠶ᠎ᠡ ᠶᠢᠨ ᠳᠠᠪᠠᠭᠤᠯᠢᠭ ᠲᠠᠭᠠᠨ ᠰᠠᠭᠤᠷᠢᠯᠠᠵᠤ᠂ ᠣᠷᠣᠨ ᠨᠤᠲᠤᠭ ᠤᠨ ᠠᠵᠤ ᠠᠬᠤᠢ | ᠨᠡᠶᠢᠭᠡᠮ ᠤᠨ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠣᠷᠤᠯᠴᠠᠬᠤ ᠶᠢ ᠳᠡᠮᠵᠢᠵᠦ᠂ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ᠂ ᠣᠷᠣᠨ ᠨᠤᠲᠤᠭ ᠲᠤ ᠬᠠᠪᠰᠤᠷᠤᠨ ᠲᠡᠳᠬᠦᠬᠦ ᠶᠢ ᠴᠢᠩᠭᠠᠳᠬᠠᠬᠤ᠂ ᠠᠮᠤᠷ | ᠠᠮᠤᠭᠤᠯᠠᠩ ᠲᠣᠭᠲᠠᠭᠤᠨ ᠢ ᠬᠠᠮᠠᠭᠠᠯᠠᠬᠤ ᠵᠡᠷᠭᠡ ᠲᠠᠯ᠎ᠠ ᠪᠠᠷ ᠨᠠᠩ ᠶᠡᠭᠡ ᠦᠢᠯᠡᠳᠦᠯ ᠦᠵᠡᠭᠦᠯᠭᠦ ᠬᠡᠷᠡᠭᠲᠡᠢ᠃ | ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠭᠦᠨᠵᠡᠭᠡᠶᠢᠷᠡᠭᠦᠯᠬᠦ ᠳᠤᠮᠳᠠ ᠬᠤᠶᠠᠷ ᠢ ᠬᠦᠷᠢᠶᠡᠯᠡᠬᠦ ᠠᠵᠢᠯ ᠤᠨ ᠶᠠᠰᠤ | ᠴᠢᠨᠠᠷ ᠪᠣᠯᠣᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠵᠣᠬᠢᠶᠠᠨ ᠪᠠᠶᠢᠭᠤᠯᠵᠤ ᠤᠳᠤᠷᠢᠳᠬᠤ ᠲᠣᠭᠲᠠᠴᠠ ᠶᠢ | ᠲᠡᠭᠦᠯᠳᠡᠷᠵᠢᠭᠦᠯᠵᠦ᠂ ᠬᠤᠶᠠᠷ ᠢ ᠬᠦᠷᠢᠶᠡᠯᠡᠬᠦ ᠵᠢᠱᠢᠶᠡᠴᠢ ᠶᠢ ᠡᠭᠦᠳᠦᠨ ᠪᠠᠶᠢᠭᠤᠯᠬᠤ ᠶᠢ ᠭᠦᠨᠵᠡᠭᠡᠶᠢᠷᠡᠭᠦᠯᠵᠦ᠂ | ᠬᠤᠶᠠᠷ ᠢ ᠬᠦᠷᠢᠶᠡᠯᠡᠬᠦ ᠨᠡᠶᠢᠭᠡᠮ ᠤᠨ ᠰᠠᠭᠤᠷᠢ ᠶᠢ ᠪᠠᠬᠢᠵᠢᠭᠦᠯᠦᠨ ᠥᠷᠭᠡᠳᠬᠡᠵᠦ᠂ ᠨᠠᠮ ᠤᠨ ᠲᠥᠪ ᠬᠤᠷᠢᠶ᠎ᠠ ᠶᠢᠨ | ᠬᠤᠶᠠᠷ ᠢ ᠬᠦᠷᠢᠶᠡᠯᠡᠬᠦ ᠠᠵᠢᠯ ᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠪᠣᠳᠠᠲᠠᠢ ᠳᠤ | ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠶᠡᠭᠡ ᠬᠤᠷᠠᠯ ᠠᠴᠠ ᠪᠦᠭᠦ ᠤᠯᠤᠰ ᠤᠨ ᠬᠤᠶᠠᠷ ᠢ ᠬᠦᠷᠢᠶᠡᠯᠡᠬᠦ ᠵᠢᠱᠢᠶᠡᠴᠢ ᠬᠤᠲᠠ ︵ᠰᠢᠶᠠᠨ︶ ᠶᠢ ᠨᠡᠷᠡᠶᠢᠳᠬᠦ | ᠲᠤᠬᠠᠢ ᠲᠣᠭᠲᠠᠭᠠᠯ ᠢ ᠤᠩᠰᠢᠨ ᠨᠡᠶᠢᠲᠡᠯᠡᠵᠦ᠂ ᠪᠦᠭᠦ ᠤᠯᠤᠰ ᠤᠨ ᠬᠤᠶᠠᠷ ᠢ ᠬᠦᠷᠢᠶᠡᠯᠡᠬᠦ ᠵᠢᠱᠢᠶᠡᠴᠢ ᠬᠤᠲᠠ ︵ | ᠰᠢᠶᠠᠨ︶ ᠶᠢᠨ ᠲᠥᠯᠥᠭᠡᠯᠡᠭᠴᠢ ᠳᠤ ᠱᠠᠩᠨᠠᠯ ᠣᠯᠭᠤᠪᠠ᠃ ᠬᠤᠯᠪᠣᠭᠳᠠᠯ ᠪᠦᠬᠦᠢ ᠴᠡᠷᠢᠭ ᠠᠩᠭᠢ ᠪᠠ ᠣᠷᠣᠨ | ᠨᠤᠲᠤᠭ ᠤᠨ ᠲᠥᠯᠥᠭᠡᠯᠡᠭᠴᠢ ᠦᠭᠡ ᠬᠡᠯᠡᠪᠡ᠃ | ᠱᠢ ᠲᠠᠢ ᠹᠧᠩ᠂ ᠯᠢ ᠱᠤ᠋ ᠯᠧᠢ᠂ ᠵᠠᠩ ᠶᠢᠦ ᠰᠢᠶᠠ᠂ ᠸᠠᠩ ᠳ᠋ᠦᠩ ᠮᠢᠩ᠂ ᠦ᠋ ᠵᠧᠩ ᠯᠦᠩ᠂ ᠱᠧᠨ ᠶᠤᠸᠠᠢ | ᠶᠤᠸᠠᠢ ᠶᠡᠭᠡ ᠬᠤᠷᠠᠯ ᠳᠤ ᠣᠷᠣᠯᠴᠠᠪᠠ᠃ ᠴᠧᠨ ᠢ ᠴᠢᠨ ᠶᠡᠭᠡ ᠬᠤᠷᠠᠯ ᠢ ᠡᠷᠭᠢᠯᠡᠵᠡᠢ᠃ | ᠨᠡᠷᠡᠶᠢᠳᠦᠭᠳᠡᠭᠰᠡᠨ ᠪᠦᠭᠦ ᠤᠯᠤᠰ ᠤᠨ ᠬᠤᠶᠠᠷ ᠢ ᠬᠦᠷᠢᠶᠡᠯᠡᠬᠦ ᠵᠢᠱᠢᠶᠡᠴᠢ ᠬᠤᠲᠠ ︵ᠰᠢᠶᠠᠨ︶ ᠶᠢᠨ | ᠲᠥᠯᠥᠭᠡᠯᠡᠭᠴᠢ᠂ ᠪᠦᠭᠦ ᠤᠯᠤᠰ ᠤᠨ ᠬᠤᠶᠠᠷ ᠢ ᠬᠦᠷᠢᠶᠡᠯᠡᠬᠦ ᠠᠵᠢᠯ ᠤᠨ ᠤᠳᠤᠷᠢᠳᠬᠤ ᠳᠤᠭᠤᠶᠢᠯᠠᠩ ᠤᠨ | ᠪᠦᠷᠢᠯᠳᠦᠭᠦᠨ᠂ ᠴᠡᠷᠢᠭ ᠠᠩᠭᠢ ᠪᠠ ᠣᠷᠣᠨ ᠨᠤᠲᠤᠭ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ ᠨᠥᠬᠦᠳ᠂ ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠪᠣᠯᠣᠨ | ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠤ ᠬᠤᠶᠠᠷ ᠢ ᠬᠦᠷᠢᠶᠡᠯᠡᠬᠦ ᠠᠵᠢᠯ ᠤᠨ | ᠤᠳᠤᠷᠢᠳᠬᠤ ᠳᠤᠭᠤᠶᠢᠯᠠᠩ ᠵᠢᠴᠢ ᠬᠤᠶᠠᠷ ᠢ ᠬᠦᠷᠢᠶᠡᠯᠡᠬᠦ ᠠᠵᠢᠯ ᠤᠨ ᠠᠯᠪᠠᠨ ᠭᠡᠷ ᠤᠨ ᠬᠠᠷᠢᠭᠤᠴᠠᠯᠭᠠᠲᠠᠨ | ᠨᠥᠬᠦᠳ ᠶᠡᠭᠡ ᠬᠤᠷᠠᠯ ᠳᠤ ᠣᠷᠣᠯᠴᠠᠵᠠᠢ᠃ |