ᠵᠢᠨᠢᠩ ᠲᠣᠭᠤᠷᠢᠭ ᠤᠨ ᠨᠡᠶᠢᠲᠡ ᠶᠢᠨ ᠠᠰᠠᠷᠠᠮᠵᠢ ᠶᠢᠨ ᠦᠳᠡ ᠶᠢᠨ ᠨᠠᠶᠢᠳᠠᠯᠭ᠎ᠠ ᠶᠢᠨ ᠲᠥᠷᠥᠯ ᠵᠦᠢᠯ ᠰᠤᠷᠤᠭᠴᠢᠳ ᠤᠨ ᠡᠷᠡᠭᠦᠯ ᠢᠶᠠᠷ ᠦᠰᠦᠨ ᠪᠤᠶᠢᠵᠢᠬᠤ ᠳᠤ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2025/4/24
           4 ᠰᠠᠷ᠎ᠠ ᠶᠢᠨ 18 ᠤ ᠡᠳᠦᠷ᠂ ᠲᠣᠭᠤᠷᠢᠭ ᠤᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ᠂ ᠰᠢᠩ ᠭᠦᠩ ᠵᠠᠮ ᠤᠨ ᠪᠠᠭ᠎ᠠ ᠰᠤᠷᠭᠠᠭᠤᠯᠢ ᠠᠴᠠ ᠬᠠᠮᠲᠤᠷᠠᠨ ᠡᠷᠬᠢᠯᠡᠭᠰᠡᠨ ︽ᠭᠠᠯ ᠤᠨ ᠳᠥᠯᠥ ᠬᠥᠬᠡ ᠬᠠᠯᠠᠭᠤᠨ ᠳᠤᠯᠠᠭᠠᠨ ᠬᠤᠭᠤᠯᠠ · ᠭᠠᠷ ᠬᠤᠯᠪᠣᠨ ᠴᠢᠬᠢ ᠬᠠᠮᠠᠭᠠᠯᠠᠵᠤ ᠢᠷᠡᠭᠡᠳᠦᠶ ᠵᠦᠭ ᠤᠷᠤᠭᠰᠢᠯᠠᠶ᠎ᠠ︾ ᠭᠡᠬᠦ ᠨᠡᠶᠢᠲᠡ ᠶᠢᠨ ᠠᠰᠠᠷᠠᠮᠵᠢ ᠶᠢᠨ ᠦᠳᠡ ᠶᠢᠨ ᠬᠤᠶᠢᠨᠠᠬᠢ ᠲᠦᠷᠦᠯ ᠵᠦᠢᠯ ᠰᠢᠩ ᠬᠦᠩ ᠵᠠᠮ ᠤᠨ ᠪᠠᠭ᠎ᠠ ᠰᠤᠷᠭᠠᠭᠤᠯᠢ ᠳᠤ ᠡᠬᠢᠯᠡᠪᠡ᠃    ᠲᠣᠰ ᠲᠥᠷᠥᠯ ᠵᠦᠢᠯ ᠪᠣᠯ ᠲᠣᠭᠤᠷᠢᠭ ᠤᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠬᠡᠷ ᠤᠨ ᠠᠬᠠᠮᠠᠳ ᠤᠨ ︽ᠳᠠᠷᠤᠭᠠᠰᠤ ᠬᠦᠨᠳᠦ︾ ︽ᠲᠤᠰᠴᠤ ᠬᠦᠷᠭᠡᠬᠦ ᠳᠤ ᠬᠦᠴᠢᠷ︾ ︽ᠨᠠᠶᠢᠳᠠᠨ ᠬᠠᠮᠢᠶᠠᠷᠤᠭᠤᠯᠬᠤ ᠳᠤ ᠬᠦᠴᠢᠷ︾ ᠵᠡᠷᠭᠡ ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ᠂ ᠣᠶᠢᠷ᠎ᠠ ᠬᠠᠪᠢ ᠳᠠᠭᠠᠨ ᠰᠢᠩ ᠭᠦᠩ ᠵᠠᠮ ᠪᠠᠭ᠎ᠠ ᠰᠤᠷᠭᠠᠭᠤᠯᠢ ᠶᠢᠨ ᠰᠤᠷᠤᠭᠴᠢᠳ ᠲᠤ ᠦᠨ᠎ᠡ ᠲᠥᠯᠥᠪᠦᠷᠢ ᠥᠬᠡᠶ ᠪᠠᠷ ᠦᠳᠡ ᠶᠢᠨ ᠬᠤᠭᠤᠯᠠ ᠪᠠ ᠬᠤᠨᠤᠭ ᠤᠨ ᠬᠤᠭᠤᠯᠠ ᠬᠠᠩᠭᠠᠪᠠ᠃    ᠲᠤᠬᠠᠶ ᠶᠢᠨ ᠡᠳᠦᠷ ᠤᠨ ᠦᠳᠡ ᠶᠢᠨ ᠡᠮᠦᠨᠡᠬᠢ 9 ᠴᠠᠭ ᠲᠤ᠂ ᠲᠣᠭᠤᠷᠢᠭ ᠤᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢᠨ ᠬᠤᠭᠤᠯᠠᠨ ᠬᠡᠷ ᠤᠨ ᠠᠵᠢᠯᠲᠠᠳ ᠨᠢᠭᠡᠨᠲᠡ ᠦᠳᠡ ᠶᠢᠨ ᠬᠤᠭᠤᠯᠠᠨ ᠳᠤ ᠪᠡᠯᠡᠳᠬᠡᠬᠦ᠂ ᠨᠣᠭᠤᠭ᠎ᠠ ᠵᠠᠭᠤᠰᠢᠳᠤ ᠮᠢᠬ᠎ᠠ ᠶᠢ ᠲᠣᠬᠢᠷᠠᠭᠤᠯᠬᠤ᠂ ᠠᠩᠬᠢᠯᠤᠮ᠎ᠠ ᠦᠨᠦᠷ ᠪᠦᠷᠢᠨ ᠭᠦᠢᠴᠡᠳ ᠪᠠᠶᠢᠯᠭᠠᠬᠤ᠂ ᠰᠤᠷᠤᠭᠴᠢᠳ ᠤᠨ ᠦᠰᠦᠨ ᠪᠤᠶᠢᠵᠢᠬᠤ ᠰᠢᠮ᠎ᠡ ᠲᠡᠵᠢᠭᠡᠯ ᠤᠨ ᠬᠡᠷᠡᠭᠴᠡᠭᠡ ᠶᠢ ᠪᠠᠲᠤᠯᠠᠪᠠ᠃ ᠦᠳᠡ ᠶᠢᠨ ᠬᠢᠴᠢᠶᠡᠯ ᠪᠠᠭᠤᠭᠰᠠᠨ ᠤ ᠳᠠᠷᠠᠭ᠎ᠠ᠂ ᠰᠤᠷᠭᠠᠭᠤᠯᠢ ᠶᠢᠨ ᠨᠡᠶᠢᠲᠡ ᠶᠢᠨ ᠠᠰᠠᠷᠠᠮᠵᠢ ᠶᠢᠨ ᠦᠳᠡ ᠶᠢᠨ ᠨᠠᠶᠢᠳᠠᠯᠭ᠎ᠠ ᠶᠢᠨ ᠲᠥᠷᠥᠯ ᠵᠦᠢᠯ ᠳᠤ ᠣᠷᠣᠯᠴᠠᠭᠰᠠᠨ 6 ᠰᠣᠷᠣᠭᠴᠢ ᠶᠢ ᠨᠢᠬᠡ ᠵᠢᠵᠢᠭᠦᠷ ᠤᠨ ᠪᠠᠭᠰᠢ ᠳᠠᠭᠠᠭᠤᠯᠤᠨ ᠲᠣᠭᠤᠷᠢᠭ ᠤᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢᠨ ᠬᠤᠭᠤᠯᠠᠨ ᠬᠡᠷ ᠲᠤ ᠬᠦᠷᠴᠦ ᠠᠮᠲᠠᠲᠤ ᠦᠳᠡ ᠶᠢᠨ ᠬᠤᠭᠤᠯᠠ ᠡᠳ᠋ᠯᠡᠭᠦᠯᠬᠦ ᠶᠢᠨ ᠬᠠᠮᠲᠤ ᠶᠡᠭᠡ ᠠᠩᠭᠢ ᠶᠢᠨ ᠪᠠᠶᠢᠷᠢ ᠳᠤ ᠦᠳᠡ ᠶᠢᠨ ᠠᠮᠠᠷᠠᠯᠲᠠ ᠬᠢᠵᠤ᠂ ᠦᠳᠡ ᠶᠢᠨ ᠬᠤᠶᠢᠨ᠎ᠠ ᠬᠢᠴᠢᠶᠡᠯᠯᠡᠬᠦ ᠠᠴᠠ ᠡᠮᠦᠨ᠎ᠡ ᠰᠤᠷᠭᠠᠭᠤᠯᠢ ᠳᠠᠭᠠᠨ ᠪᠤᠴᠠᠪᠠ᠃    ᠨᠡᠶᠢᠲᠡ ᠶᠢᠨ ᠠᠰᠠᠷᠠᠮᠵᠢ ᠶᠢᠨ ᠦᠳᠡ ᠶᠢᠨ ᠨᠠᠶᠢᠲᠡ ᠶᠢᠨ ᠲᠥᠷᠥᠯ ᠵᠦᠢᠯ ᠢ ᠡᠬᠢᠯᠡᠭᠦᠯᠦᠭᠰᠡᠨ ᠨᠢ ᠰᠤᠷᠤᠭᠴᠢᠳ ᠲᠤ ︽ᠰᠢᠮ᠎ᠡ ᠲᠡᠵᠢᠭᠡᠯ ᠦᠳᠡ ᠶᠢᠨ ᠬᠤᠭᠤᠯᠠ + ᠠᠮᠤᠷ ᠲᠦᠪᠰᠢᠨ ᠤ ᠬᠥᠮᠦᠵᠢᠯ + ᠵᠠᠩ ᠮᠣᠷᠠᠯ ᠤᠨ ᠨᠡᠪᠴᠢᠯᠲᠡ︾ ᠶᠢᠨ ᠦᠳᠡ ᠶᠢᠨ ᠬᠤᠭᠤᠷᠣᠨᠳᠣᠬᠢ ᠦᠰᠦᠨ ᠪᠤᠶᠢᠵᠢᠯᠲᠠ ᠶᠢᠨ ᠣᠷᠣᠨ ᠵᠠᠶ ᠶᠢ ᠪᠠᠶᠢᠭᠤᠯᠵᠤ ᠥᠭᠭᠦᠭᠰᠡᠨ ᠨᠢ ᠰᠤᠷᠤᠭᠴᠢᠳ ᠤᠨ ᠠᠮᠤᠷ ᠲᠦᠪᠰᠢᠨ ᠢ ᠪᠠᠲᠤᠯᠠᠭᠰᠠᠨ ᠮᠥᠷᠲᠡᠭᠡᠨ ᠰᠤᠷᠤᠭᠴᠢᠳ ᠤᠨ ᠡᠷᠡᠭᠦᠯ ᠢᠶᠠᠷ ᠦᠰᠦᠨ ᠪᠤᠶᠢᠵᠢᠬᠤ ᠶᠢ ᠠᠬᠢᠭᠤᠯᠤᠭᠰᠠᠨ ᠪᠠᠶᠢᠨ᠎ᠠ᠃ ᠬᠤᠶᠢᠰᠢᠳᠠ᠂ ᠵᠢᠨᠢᠩ ᠲᠣᠭᠤᠷᠢᠭ ᠨᠠᠩ ᠣᠯᠠᠨ ᠨᠡᠶᠢᠲᠡ ᠶᠢᠨ ᠠᠰᠠᠷᠠᠮᠵᠢ ᠶᠢᠨ ᠦᠢᠯᠡᠴᠢᠯᠡᠬᠡᠨ ᠤ ᠲᠥᠷᠥᠯ ᠵᠦᠢᠯ ᠢ ᠦᠷᠭᠦᠯᠵᠢᠯᠡᠨ ᠥᠷᠨᠢᠭᠦᠯᠵᠦ᠂ ︽ᠬᠡᠷ ᠪᠦᠯᠢ ᠰᠤᠷᠭᠠᠭᠤᠯᠢ ᠨᠡᠶᠢᠭᠡᠮ︾ ᠬᠠᠮᠵᠢᠯᠴᠠᠨ ᠬᠥᠮᠦᠨ ᠬᠥᠮᠦᠵᠢᠭᠦᠯᠬᠦ ᠦᠷ᠎ᠡ ᠪᠦᠲᠦᠭᠡᠯ ᠢ ᠨᠠᠩ ᠣᠯᠠᠨ ᠬᠡᠷ ᠪᠦᠯᠢ ᠳᠤ ᠬᠦᠷᠲᠡᠭᠡᠨ᠎ᠡ᠃                          ᠤᠷᠴᠢᠭᠤᠯᠤᠭᠴᠢ᠄ ᠬᠦᠰᠡᠯ                          ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠡᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2