ᠬᠥᠬᠡᠬᠤᠲᠠ ᠪᠤᠭᠤᠲᠤ ᠣᠷᠳᠣᠰ ᠤᠯᠠᠭᠠᠨᠴᠠᠪ ᠳᠥᠷᠪᠡᠨ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ︽ᠬᠥᠬᠡᠬᠤᠲᠠ ᠪᠤᠭᠤᠲᠤ ᠣᠷᠳᠣᠰ ᠤᠯᠠᠭᠠᠨᠴᠠᠪ ᠤᠨ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠣᠷᠴᠢᠨ ᠲᠣᠭᠤᠷᠢᠨ ᠢ ᠬᠠᠮᠲᠤ ᠪᠠᠷ ᠬᠠᠮᠠᠭᠠᠯᠠᠨ ᠬᠤᠯᠪᠣᠭᠠᠯᠠᠨ ᠵᠠᠰᠠᠬᠤ ᠶᠢ ᠠᠬᠢᠭᠤᠯᠬᠤ︾ ᠬᠠᠮᠲᠤᠷᠠᠨ ᠵᠥᠪᠳᠡᠯᠴᠡᠬᠦ ᠳᠥᠷᠪᠡᠳᠦᠭᠡᠷ ᠤᠳᠠᠭᠠᠨ ᠤ ᠬᠤᠷᠠᠯ ᠤᠯᠠᠭᠠᠨᠴᠠᠪ ᠬᠤᠲᠠ ᠳᠤ ᠬᠤᠷᠠᠯᠳᠤᠪᠠ
ᠨᠡᠶᠢᠲᠡᠯᠡᠭᠰᠡᠨ ᠴᠠᠭ᠄
2025/4/25
   4 ᠰᠠᠷ᠎ᠠ ᠶᠢᠨ 24 ᠤ ᠡᠳᠦᠷ᠂ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠳᠥᠷᠪᠡᠨ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ︽ᠬᠥᠬᠡᠬᠤᠲᠠ ᠪᠤᠭᠤᠲᠤ ᠣᠷᠳᠣᠰ ᠤᠯᠠᠭᠠᠨᠴᠠᠪ ᠤᠨ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠣᠷᠴᠢᠨ ᠲᠣᠭᠤᠷᠢᠨ ᠢ ᠬᠠᠮᠲᠤ ᠪᠠᠷ ᠬᠠᠮᠠᠭᠠᠯᠠᠨ ᠬᠤᠯᠪᠣᠭᠠᠯᠠᠨ ᠵᠠᠰᠠᠬᠤ ᠶᠢ ᠠᠬᠢᠭᠤᠯᠬᠤ︾ ᠬᠠᠮᠲᠤᠷᠠᠨ ᠵᠥᠪᠳᠡᠯᠴᠡᠬᠦ ᠳᠥᠷᠪᠡᠳᠦᠭᠡᠷ ᠤᠳᠠᠭᠠᠨ ᠤ ᠬᠤᠷᠠᠯ ᠮᠠᠨ ᠤ ᠬᠤᠲᠠ ᠳᠤ ᠬᠤᠷᠠᠯᠳᠤᠪᠠ᠃    ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠶᠤᠸᠠᠢ ᠶᠠᠨ ᠮᠧᠶ ᠬᠤᠷᠠᠯ ᠢ ᠡᠷᠭᠢᠯᠡᠪᠡ᠃ ᠣᠷᠳᠣᠰ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠳᠡᠳ᠋ ᠲᠡᠷᠢᠭᠦᠯᠡᠭᠴᠢ ᠰᠦ᠋ ᠼᠦᠢ ᠹᠠᠩ᠂ ᠳᠡᠳ᠋ ᠲᠡᠷᠢᠭᠦᠯᠡᠭᠴᠢ ᠯᠢ ᠮᠧᠶ ᠷᠦᠩ︔ ᠪᠤᠭᠤᠲᠤ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠳᠡᠳ᠋ ᠲᠡᠷᠢᠭᠦᠯᠡᠭᠴᠢ ᠯᠢᠦ ᠰᠢᠶᠤᠤ ᠳ᠋ᠦᠩ︔ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠵᠠᠩ ᠷᠦᠢ ᠪᠢᠨ︔ ᠬᠥᠬᠡᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠰᠡᠳᠦᠪ ᠤᠨ ᠳᠤᠭᠤᠶᠢᠯᠠᠩ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃    ᠬᠤᠷᠠᠯ ᠳᠡᠭᠡᠷ᠎ᠡ᠂ ᠬᠤᠲᠠ ᠶᠢᠨ ᠳᠡᠳ᠋ ᠳᠠᠷᠤᠭ᠎ᠠ ᠬᠤᠤ ᠶᠦᠨ ᠲᠤᠤ ᠮᠠᠨ ᠤ ᠬᠤᠲᠠ ᠶᠢᠨ ᠬᠠᠮᠢᠶ᠎ᠠ ᠪᠥᠬᠦᠶ ᠠᠵᠢᠯ ᠢ ᠥᠷᠨᠢᠭᠦᠯᠦᠭᠰᠡᠨ ᠪᠠᠶᠢᠳᠠᠯ ᠢ ᠮᠡᠳᠡᠭᠳᠡᠵᠦ᠂ ᠳᠥᠷᠪᠡᠨ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠰᠤᠳᠤᠯᠭᠠᠨ ᠤ ᠳᠤᠭᠤᠶᠢᠯᠠᠩ ᠤᠨ ᠬᠤᠯᠪᠣᠭᠳᠠᠯ ᠪᠥᠬᠦᠶ ᠲᠤᠰᠬᠠᠶ ᠮᠡᠷᠭᠡᠵᠢᠯᠲᠡᠨ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠲᠥᠯᠥᠭᠡᠯᠡᠭᠴᠢ ᠵᠢᠴᠢ ᠬᠤᠲᠠ ᠶᠢᠨ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠪᠠ᠃    ᠬᠤᠷᠠᠯ ᠠᠴᠠ ᠳᠥᠷᠪᠡᠨ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠪᠠᠶᠢᠴᠠᠭᠠᠨ ᠰᠤᠳᠤᠯᠤᠯᠲᠠ ᠶᠢᠨ ᠭᠤᠤᠯ ᠮᠡᠳᠡᠭᠦᠯᠦᠯᠲᠡ ᠪᠠ ᠬᠤᠪᠢᠶᠠᠷᠢ ᠮᠡᠳᠡᠭᠦᠯᠦᠯᠲᠡ ᠶᠢ ᠬᠢᠨᠠᠨ ᠵᠥᠪᠯᠡᠵᠦ ᠪᠠᠲᠤᠯᠠᠭᠰᠠᠨ ᠪᠥᠭᠡᠳ ᠲᠠᠷᠠᠭᠠᠴᠢ ᠶᠢᠨ ᠠᠯᠬᠤᠮ ᠤᠨ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ᠃                                               ᠣᠷᠴᠢᠭᠤᠯᠤᠭᠴᠢ᠄ ᠭᠤᠸ᠎ᠠ                                               ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2