ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/4/28
   4 ᠰᠠᠷ᠎ᠠ ᠶᠢᠨ 24 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠯᠢᠦ ᠬᠠᠶ ᠴᠢᠤᠸᠠᠨ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠵᠢᠴᠢ ᠬᠤᠲᠠ ᠶᠢᠨ ᠠᠵᠤ ᠠᠬᠤᠶ ᠶᠢᠨ ᠪᠠᠶᠢᠭᠤᠯᠤᠯ ᠪᠠ ᠠᠮᠢ ᠠᠬᠤᠶ ᠶᠢᠨ ᠪᠣᠯᠪᠠᠰᠤᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠤᠰᠬᠠᠶ ᠳᠤᠭᠤᠶᠢᠯᠠᠩ ᠤᠨ ᠬᠤᠷᠠᠯ᠂ ᠬᠤᠲᠠ ᠶᠢᠨ ᠣᠷᠣᠨ ᠪᠦᠰᠡ ᠶᠢᠨ ᠴᠢᠨᠠᠷ ᠰᠠᠶᠢᠲᠠᠶ ᠬᠥᠭᠵᠢᠯᠲᠡ ᠶᠢᠨ ᠲᠤᠰᠬᠠᠶ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠪᠠ᠃    ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠴᠢᠬᠤᠯᠠ ᠥᠭᠦᠯᠡᠯᠲᠡ ᠶᠢ ᠳᠠᠬᠢᠨ ᠡᠷᠭᠢᠴᠡᠭᠦᠯᠦᠨ ᠰᠤᠷᠤᠯᠴᠠᠵᠤ᠂ ᠨᠡᠪᠲᠡᠷᠡᠲᠡᠯ᠎ᠡ ᠤᠩᠰᠢᠵᠤ ᠨᠠᠷᠢᠨ ᠤᠩᠰᠢᠵᠤ᠂ ᠪᠠᠶᠢᠩᠭᠤ ᠰᠤᠷᠤᠯᠴᠠᠵᠤ ᠪᠠᠶᠢᠩᠭᠤ ᠰᠡᠳᠬᠢᠵᠦ ᠪᠠᠶᠢᠩᠭᠤ ᠣᠶᠢᠯᠠᠭᠠᠵᠤ᠂ ᠨᠡᠪᠲᠡᠷᠡᠲᠡᠯ᠎ᠡ ᠰᠤᠷᠤᠯᠴᠠᠨ ᠣᠶᠢᠯᠠᠭᠠᠵᠤ᠂ ᠭᠦᠨᠵᠡᠭᠡᠶ ᠰᠤᠷᠤᠯᠴᠠᠨ ᠨᠡᠪᠲᠡᠷᠡᠲᠡᠯ᠎ᠡ ᠣᠶᠢᠯᠠᠭᠠᠵᠤ᠂ ᠲᠠᠷᠢᠬᠢ ᠲᠣᠯᠣᠭᠠᠶ ᠳᠤ ᠬᠠᠳᠠᠩᠰᠢᠭᠤᠯᠵᠤ᠂ ᠰᠡᠳᠬᠢᠯ ᠵᠢᠷᠦᠬᠡᠨ ᠳᠤ ᠬᠠᠳᠠᠩᠰᠢᠭᠤᠯᠵᠤ᠂ ᠦᠢᠯᠡ ᠠᠵᠢᠯᠯᠠᠭ᠎ᠠ ᠬᠢᠵᠦ ᠦᠷ᠎ᠡ ᠪᠦᠲᠦᠮᠵᠢ ᠭᠠᠷᠭᠠᠬᠤ ᠶᠢ ᠦᠨᠡᠨ ᠬᠦ ᠪᠡᠶᠡᠯᠡᠭᠦᠯᠬᠦ ᠬᠡᠷᠡᠭᠲᠡᠶ᠃ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠰᠤᠷᠤᠯᠴᠠᠬᠤ ᠪᠠᠶᠢᠴᠠᠭᠠᠬᠤ ᠥᠭᠡᠷᠡᠴᠢᠯᠡᠬᠦ ᠳᠤ ᠦᠨᠡᠨ ᠪᠣᠳᠠᠲᠠᠢ ᠦᠷ᠎ᠡ ᠪᠦᠲᠦᠮᠵᠢ ᠤᠯᠬᠤ ᠶᠢ ᠨᠢᠭᠡ ᠴᠤᠭᠴᠠᠵᠢᠭᠤᠯᠤᠨ ᠠᠬᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠭᠰᠠᠨ︾ ᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ  ᠃    ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠬᠤᠶᠠᠷ ᠢ ᠬᠦᠷᠢᠶᠡᠯᠡᠬᠦ ᠠᠵᠢᠯ ᠳᠤ ᠭᠠᠷᠭᠠᠭᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠤᠯᠤᠰ ᠤᠨ ᠪᠠᠲᠤᠯᠠᠨ ᠬᠠᠮᠠᠭᠠᠯᠠᠯᠲᠠ ᠪᠣᠯᠤᠨ ᠴᠡᠷᠢᠭ ᠠᠩᠭᠢ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠳᠡᠮᠵᠢᠵᠦ᠂ ᠴᠡᠷᠢᠭ ᠠᠴᠠ ᠬᠠᠯᠠᠭᠳᠠᠭᠰᠠᠳ ᠢ ᠲᠥᠪᠬᠢᠨᠡᠭᠦᠯᠬᠦ᠂ ᠠᠵᠢᠯ ᠣᠯᠵᠤ ᠦᠢᠯᠡᠰ ᠪᠤᠰᠬᠠᠬᠤ᠂ ᠠᠰᠠᠷᠠᠮᠵᠢ ᠬᠠᠷᠠᠭᠠᠯᠵᠠᠯ ᠦᠵᠡᠭᠦᠯᠬᠦ ᠪᠠ ᠬᠦᠴᠢᠷᠳᠡᠯ ᠢ ᠬᠠᠪᠰᠤᠷᠤᠨ ᠲᠡᠳᠬᠦᠬᠦ ᠵᠡᠷᠭᠡ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠴᠡᠷᠢᠭ ᠠᠩᠭᠢ ᠪᠠ ᠣᠷᠣᠨ ᠨᠤᠲᠤᠭ ᠤᠨ ᠠᠭᠤᠰᠤᠯᠴᠠᠨ ᠬᠥᠭᠵᠢᠬᠦ ᠶᠢ ᠲᠦᠷᠭᠡᠳᠬᠡᠨ ᠠᠬᠢᠭᠤᠯᠵᠤ᠂ ᠪᠠᠲᠤ ᠪᠠᠬᠢ ᠴᠡᠷᠢᠭ ᠵᠠᠰᠠᠭ ᠴᠡᠷᠢᠭ ᠠᠷᠠᠳ ᠤᠨ ᠪᠦᠯᠬᠦᠮᠳᠡᠯ ᠢ ᠪᠠᠬᠢᠵᠢᠭᠦᠯᠦᠨ ᠬᠥᠭᠵᠢᠭᠦᠯᠵᠦ᠂ ᠬᠤᠶᠠᠷ ᠢ ᠬᠦᠷᠢᠶᠡᠯᠡᠬᠦ ᠠᠵᠢᠯ ᠳᠤ ᠲᠠᠰᠤᠷᠠᠯᠲᠠ ᠦᠭᠡᠢ ᠰᠢᠨ᠎ᠡ ᠦᠷ᠎ᠡ ᠪᠦᠲᠦᠮᠵᠢ ᠣᠯᠬᠤ ᠶᠢ ᠦᠨᠡᠨᠬᠦ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠭᠤᠤᠯᠳᠠᠯᠭ᠎ᠠ ᠲᠠᠢ ᠡᠭᠦᠷᠭᠡ ᠶᠢ ᠰᠤᠳᠤᠯᠤᠨ ᠪᠠᠶᠢᠷᠢᠯᠠᠭᠤᠯᠵᠤ᠂ ᠥᠭᠡᠷᠡᠴᠢᠯᠡᠯᠲᠡ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠣᠪᠣᠷ ᠢᠶᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠬᠦᠴᠦᠨ ᠢᠶᠠᠨ ᠲᠥᠪᠯᠡᠷᠡᠭᠦᠯᠦᠨ᠂ ᠲᠦᠷᠭᠡᠳᠬᠡᠨ ᠠᠬᠢᠭᠤᠯᠵᠤ᠂ ᠡᠯ᠎ᠡ ᠵᠦᠢᠯ ᠤᠨ ᠥᠭᠡᠷᠡᠴᠢᠯᠡᠯᠲᠡ ᠶᠢᠨ ᠡᠭᠦᠷᠭᠡ ᠶᠢ ᠪᠣᠳᠠᠲᠠᠶ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠶ᠃ ᠵᠠᠬ᠎ᠠ ᠳᠡᠯᠭᠡᠭᠦᠷᠴᠢᠯᠡᠬᠦ ᠰᠡᠳᠬᠢᠬᠦᠢ ᠶᠢ ᠪᠠᠲᠤ ᠪᠤᠢ ᠪᠣᠯᠭᠠᠵᠤ᠂ ᠤᠬᠠᠮᠰᠠᠷ ᠠᠴᠠ ᠪᠠᠨ ᠵᠠᠬ᠎ᠠ ᠳᠡᠯᠭᠡᠭᠦᠷᠴᠢᠯᠡᠯᠲᠡ ᠶᠢᠨ ᠠᠷᠭ᠎ᠠ ᠪᠠᠷᠢᠯ ᠢᠶᠠᠷ ᠠᠵᠤ ᠠᠬᠤᠢ ᠶᠢᠨ ᠬᠥᠭᠵᠢᠯᠲᠡ ᠶᠢᠨ ᠲᠦᠪᠰᠢᠨ᠂ ᠨᠡᠶᠢᠭᠡᠮ ᠤᠨ ᠵᠠᠰᠠᠯᠲᠠ ᠶᠢᠨ ᠲᠦᠪᠰᠢᠨ᠂ ᠤᠯᠠᠨ ᠲᠦᠮᠡᠨ ᠳᠤ ᠦᠢᠯᠡᠴᠢᠯᠡᠬᠦ ᠬᠢᠷᠢ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ ᠨᠠᠷᠢᠨ ᠬᠢᠨᠠᠮᠠᠭᠠᠶ ᠰᠤᠳᠤᠯᠤᠨ ᠲᠥᠰᠦᠪᠯᠡᠵᠦ᠂ ᠨᠠᠷᠢᠨ ᠨᠢᠮᠪᠠᠶ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠨᠢᠭᠡ ᠪᠦᠯᠦᠭ ᠡᠷᠴᠢᠮ ᠲᠠᠢ᠂ ᠣᠨᠴᠠᠯᠢᠭ ᠲᠠᠢ᠂ ᠨᠥᠯᠥᠭᠡ ᠲᠠᠢ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠦᠨᠡᠨ ᠬᠦ ᠭᠠᠷᠭᠠᠵᠤ᠂ ᠥᠭᠡᠷᠡᠴᠢᠯᠡᠯᠲᠡ ᠬᠥᠭᠵᠢᠯᠲᠡ ᠶᠢᠨ ᠦᠷ᠎ᠡ ᠪᠦᠲᠦᠭᠡᠯ ᠢ ᠠᠷᠠᠳ ᠣᠯᠠᠨ ᠳᠤ ᠨᠠᠩ ᠣᠯᠠᠨ ᠨᠠᠩ ᠡᠷᠬᠡ ᠲᠡᠭᠰᠢ ᠪᠠᠷ ᠬᠦᠷᠲᠡᠭᠡᠬᠦ ᠬᠡᠷᠡᠭᠲᠡᠶ ᠭᠡᠵᠦ ᠴᠢᠬᠤᠯᠠᠴᠢᠯᠠᠪᠠ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃                                     ᠣᠷᠴᠢᠭᠤᠯᠤᠭᠴᠢ᠄ ᠭᠤᠸ᠎ᠠ                                     ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2