ᠪᠥᠬᠦ ᠬᠤᠲᠠ ᠶᠢᠨ ᠠᠶᠤᠯᠭᠦᠶ ᠦᠢᠯᠡᠳᠪᠦᠷᠢᠯᠡᠯ᠂ ᠦᠶᠡᠷ ᠢ ᠰᠡᠷᠭᠡᠶᠢᠯᠡᠨ ᠭᠠᠩ ᠬᠠᠭᠰᠠᠷᠠᠭᠠᠨ ᠲᠠᠢ ᠲᠡᠮᠡᠴᠡᠬᠦ ᠪᠠ ᠣᠶ ᠰᠢᠭᠤᠶ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ ᠤᠨᠲᠠᠷᠠᠭᠠᠬᠤ ᠠᠵᠢᠯ ᠤᠨ ᠸᠢᠳᠢᠤ᠋ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/4/28
    4 ᠰᠠᠷ᠎ᠠ ᠶᠢᠨ 25 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠯᠢᠦ ᠬᠠᠶ ᠴᠢᠤᠸᠠᠨ ᠪᠥᠬᠦ ᠬᠤᠲᠠ ᠶᠢᠨ ᠠᠶᠤᠯᠭᠦᠶ ᠦᠢᠯᠡᠳᠪᠦᠷᠢᠯᠡᠯ᠂ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠪᠠ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠤᠨ ᠸᠢᠳᠢᠣ᠋ ᠬᠤᠷᠠᠯ ᠢ ᠡᠷᠭᠢᠯᠡᠨ ᠬᠤᠷᠠᠯᠳᠤᠭᠤᠯᠪᠠ᠃     ᠬᠤᠷᠠᠯ ᠠᠴᠠ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠢᠮᠠᠭᠲᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠮᠤᠷ ᠲᠦᠪᠰᠢᠨ ᠬᠥᠭᠵᠢᠯᠲᠡ ᠶᠢᠨ ᠤᠢᠢᠯᠠᠭᠠᠭᠳᠠᠬᠤᠨ ᠢ ᠪᠠᠲᠤ ᠪᠤᠢ ᠪᠣᠯᠭᠠᠵᠤ᠂ ᠬᠠᠷᠢᠶ᠎ᠠ ᠭᠠᠵᠠᠷ ᠤᠨ ᠬᠠᠮᠢᠶᠠᠷᠤᠯᠲᠠ᠂ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠪᠣᠯᠤᠨ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠨᠠᠶᠢᠳᠠᠪᠤᠷᠢᠵᠢᠭᠤᠯᠵᠤ᠂ ᠪᠦᠬᠦᠨ ᠢ ᠪᠦᠷᠬᠦᠬᠦᠯᠬᠦ᠂ ᠠᠶᠤᠯ ᠲᠦᠭᠰᠢᠭᠦᠷᠢ ᠶᠢᠨ ᠭᠡᠮ ᠰᠣᠭᠤᠭ ᠢ ᠵᠢᠭᠰᠠᠭᠠᠨ ᠪᠠᠶᠢᠴᠠᠭᠠᠬᠤ ᠶᠢ ᠭᠦᠨᠵᠡᠭᠡᠢ ᠥᠷᠨᠢᠭᠦᠯᠵᠦ᠂ ᠭᠤᠣᠯᠳᠠᠯᠭ᠎ᠠ ᠲᠠᠢ ᠠᠵᠢᠯ ᠲᠦᠷᠦᠯ ᠤᠨ ᠬᠦᠷᠢᠶ᠎ᠡ ᠶᠢ ᠴᠢᠩᠭ᠎ᠠ ᠠᠩᠬᠠᠷᠴᠤ ᠲᠤᠰᠬᠠᠢ ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠵᠦ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠴᠢᠩᠭ᠎ᠠ ᠠᠳᠬᠤᠵᠤ᠂ ᠬᠠᠮᠤᠭ ᠤᠨ ᠴᠢᠩᠭ᠎ᠠ ᠪᠠᠷᠢᠮᠵᠢᠶ᠎ᠠ ᠪᠠᠷ ᠠᠶᠤᠯᠭᠦᠢ ᠦᠢᠯᠡᠳᠪᠦᠷᠢᠯᠡᠯ ᠤᠨ ᠤᠳᠠᠭᠠᠨ ᠳᠠᠭᠠᠭᠠᠮᠠᠭᠠᠢ ᠳᠠᠶᠢᠯᠠᠯᠳᠤᠭᠠᠨ ᠢ ᠰᠠᠶᠢᠲᠤᠷ ᠬᠢᠬᠦ ᠬᠡᠷᠡᠭᠲᠡᠢ᠃ ᠭᠤᠣᠯᠳᠠᠯᠭ᠎ᠠ ᠶᠢ ᠳᠤᠪᠤᠶᠢᠯᠭᠠᠵᠤ᠂ ᠰᠡᠷᠭᠡᠶᠢᠯᠡᠯᠲᠡ ᠶᠢ ᠴᠢᠩᠭᠠᠳᠬᠠᠵᠤ᠂ ︽ᠰᠡᠷᠭᠡᠶᠢᠯᠡᠬᠦ︾᠂ ︽ᠲᠡᠮᠡᠴᠡᠬᠦ︾᠂ ︽ᠵᠠᠪᠳᠤᠬᠤ︾᠂ ︽ᠠᠪᠤᠷᠠᠬᠤ︾ ᠬᠠᠷᠢᠭᠤᠴᠠᠯᠭ᠎ᠠ ᠶᠢᠨ ᠬᠡᠯᠬᠢᠶ᠎ᠡ ᠶᠢ ᠪᠦᠬᠦ ᠲᠠᠯ᠎ᠠ ᠪᠠᠷ ᠴᠢᠩᠭᠠᠯᠠᠵᠤ᠂ ᠭᠤᠣᠯ ᠮᠥᠷᠡᠨ ᠨᠠᠭᠤᠷ ᠴᠥᠭᠦᠷᠥᠮ ᠤᠨ ᠤᠰᠤᠨ ᠴᠥᠭᠦᠷᠥᠮ᠂ ᠠᠭᠤᠯᠠᠨ ᠦᠶᠡᠷ ᠠᠭᠤᠯᠠᠨ ᠭᠤᠤ᠂ ᠬᠤᠳᠠ ᠶᠢᠨ ᠤᠰᠤᠲᠤᠯ᠂ ᠵᠠᠰᠠᠮᠠᠯ ᠵᠠᠮ ᠲᠡᠮᠦᠷ ᠵᠠᠮ᠂ ᠭᠠᠩ ᠬᠠᠭᠰᠠᠷᠠᠭᠠᠨ ᠤ ᠭᠠᠮᠰᠢᠭ ᠵᠡᠷᠭᠡ ᠭᠤᠣᠯᠳᠠᠯᠭ᠎ᠠ ᠲᠠᠢ ᠬᠦᠷᠢᠶᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠠᠵᠢᠯ ᠢ ᠡᠷᠡᠰ ᠬᠦᠴᠦᠲᠡᠢ ᠰᠠᠶᠢᠲᠤᠷ ᠬᠢᠵᠦ᠂ ᠬᠠᠮᠤᠭ ᠤᠨ ᠳᠡᠭᠡᠳᠦ ᠱᠠᠭᠠᠷᠳᠠᠯᠭ᠎ᠠ ᠪᠠᠷ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠰᠠᠨᠠᠭᠠᠴᠢᠯᠠᠭᠠᠲᠤ ᠳᠠᠶᠢᠯᠠᠯᠳᠤᠭᠠᠨ ᠢ ᠰᠠᠶᠢᠲᠤᠷ ᠬᠢᠬᠦ ᠬᠡᠷᠡᠭᠲᠡᠢ᠃ ᠳᠡᠭᠡᠳᠦ ᠬᠡᠮᠵᠢᠶ᠎ᠡ ᠪᠠᠷ ᠰᠡᠷᠡᠮᠵᠢᠯᠡᠵᠦ᠂ ᠤᠨᠢᠨ ᠳᠡᠭᠡᠷ᠎ᠡ ᠨᠢ ᠠᠷᠭ᠎ᠠ ᠪᠤᠳᠤᠯᠭ᠎ᠠ ᠬᠡᠷᠡᠭᠵᠢᠭᠦᠯᠵᠦ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠢ ᠴᠢᠩᠭᠠᠳᠬᠠᠬᠤ᠂ ᠰᠡᠷᠭᠡᠶᠢᠯᠡᠨ ᠡᠵᠡᠮᠳᠡᠬᠦ ᠠᠷᠭ᠎ᠠ ᠪᠠᠷᠢᠯ ᠢ ᠴᠢᠩᠭᠠᠳᠬᠠᠬᠤ ᠪᠠ ᠰᠢᠢᠳᠪᠦᠷᠢᠯᠡᠬᠦ ᠴᠢᠳᠠᠪᠤᠷᠢ ᠪᠠᠨ ᠳᠡᠭᠡᠭᠰᠢᠯᠡᠭᠦᠯᠬᠦ ᠲᠠᠯ᠎ᠠ ᠪᠠᠷ ᠠᠩᠬᠠᠷᠤᠯ ᠢᠶᠠᠨ ᠲᠥᠪᠯᠡᠷᠡᠭᠦᠯᠦᠨ ᠬᠦᠴᠦᠯᠡᠵᠦ᠂ ᠤᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠭᠠᠯ ᠤᠨᠲᠠᠷᠠᠭᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃     ᠬᠤᠷᠠᠯ ᠢ ᠸᠢᠳᠢᠤ᠋ ᠬᠡᠯᠪᠡᠷᠢ ᠪᠠᠷ ᠬᠤᠷᠠᠯᠳᠤᠭᠤᠯᠵᠤ᠂ ᠡᠯ᠎ᠡ ᠬᠤᠰᠢᠭᠤ ᠰᠢᠶᠠᠨ ᠬᠤᠲᠠ ᠲᠣᠭᠤᠷᠢᠭ ᠲᠤ ᠬᠤᠪᠢᠶᠠᠷᠢ ᠬᠤᠷᠠᠯ ᠤᠨ ᠲᠠᠯᠠᠪᠠᠶ ᠭᠠᠷᠭᠠᠪᠠ᠃                                           ᠣᠷᠴᠢᠭᠤᠯᠤᠭᠴᠢ᠄ ᠭᠤᠸ᠎ᠠ                                           ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2