4 ᠰᠠᠷ᠎ᠠ ᠶᠢᠨ 25 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠵᠧᠤ ᠺᠠᠶ ᠬᠤᠲᠠ ᠶᠢᠨ | ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠭᠢᠯᠡᠨ ᠬᠤᠷᠠᠯᠳᠤᠭᠤᠯᠵᠤ᠂ ︽ᠦᠨᠡᠨ︾ | ᠰᠡᠳᠬᠦᠯ ᠤᠨ ᠨᠡᠶᠢᠲᠡᠯᠡᠭᠰᠡᠨ ᠶᠡᠷᠦᠩᠬᠡᠶ ᠱᠦᠵᠢ ᠰᠢ ᠶᠢᠨ ᠫᠢᠩ ᠤᠨ ︽ᠰᠣᠶᠣᠯ ᠤᠨ ᠬᠦᠴᠦᠷᠬᠡᠭ ᠤᠯᠤᠰ ᠢ | ᠲᠦᠷᠭᠡᠳᠬᠡᠨ ᠪᠥᠲᠥᠭᠡᠨ ᠪᠠᠶᠢᠭᠤᠯᠬᠤ︾ ᠴᠢᠬᠤᠯᠠ ᠵᠣᠬᠢᠶᠠᠯ ᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ | ᠬᠤᠷᠠᠯ ᠠᠴᠠ᠂ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠭᠦᠨᠵᠡᠭᠡᠢ ᠦᠢᠯᠡᠳᠦᠯᠭᠡᠵᠢᠭᠦᠯᠵᠦ᠂ | ᠤᠮᠠᠷᠠᠲᠤ ᠶᠢᠨ ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠶᠢ ᠰᠠᠶᠢᠲᠤᠷ ᠬᠡᠷᠡᠭᠵᠢᠭᠦᠯᠬᠦ ᠬᠡᠷᠡᠭᠲᠡᠢ᠃ | ᠰᠣᠶᠣᠯ ᠤᠨ ᠪᠠᠶᠢᠭᠤᠯᠤᠮᠵᠢ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠰᠣᠶᠣᠯ ᠤᠨ ᠰᠢᠨ᠎ᠡ ᠶᠢ | ᠡᠭᠦᠳᠬᠦ ᠡᠭᠦᠳᠦᠨ ᠪᠦᠲᠦᠭᠡᠬᠦ ᠠᠮᠢᠵᠢᠷᠠᠯ ᠤᠨ ᠬᠦᠴᠦᠨ ᠢ ᠬᠥᠭᠵᠢᠭᠡᠬᠦ ᠬᠡᠷᠡᠭᠲᠡᠢ᠃ ᠬᠤᠳᠠ ᠪᠣᠯᠤᠨ ᠬᠥᠳᠡᠭᠡ | ᠲᠣᠰᠬᠤᠨ ᠤ ᠰᠣᠶᠣᠯ ᠤᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠦᠨᠳᠦᠰᠦᠨ | ᠱᠠᠲᠤᠨ ᠤ ᠰᠢᠯᠢᠳᠡᠭ ᠰᠣᠶᠣᠯ ᠤᠨ ᠡᠬᠢ ᠪᠠᠶᠠᠯᠢᠭ ᠤᠨ ᠬᠠᠩᠭᠠᠯᠭ᠎ᠠ ᠶᠢ ᠨᠡᠮᠡᠭᠳᠡᠭᠦᠯᠬᠦ ᠬᠡᠷᠡᠭᠲᠡᠢ᠃ ᠰᠣᠶᠣᠯ | ᠵᠤᠭᠠᠴᠠᠯ ᠢ ᠠᠭᠤᠰᠤᠯᠴᠠᠭᠤᠯᠤᠨ ᠬᠥᠭᠵᠢᠭᠦᠯᠬᠦ ᠠᠵᠢᠯ ᠢ ᠰᠠᠶᠢᠲᠤᠷ ᠬᠢᠵᠦ᠂ ᠨᠡᠩ ᠤᠯᠠᠨ ᠵᠤᠭᠠᠴᠠᠭᠰᠠᠳ ᠢ | ᠤᠯᠠᠭᠠᠨᠴᠠᠪ ᠲᠤ ᠠᠪᠴᠢᠷᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠪᠦᠬᠦ ᠬᠤᠳᠠ ᠶᠢᠨ ᠨᠢᠭᠡᠳᠦᠭᠡᠷ ᠤᠯᠠᠷᠢᠯ ᠤᠨ ᠠᠵᠤ ᠠᠬᠤᠢ ᠶᠢᠨ ᠠᠵᠢᠯᠯᠠᠭᠠᠨ ᠤ ᠪᠠᠶᠢᠳᠠᠯ ᠤᠨ | ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠥᠭᠵᠢᠯᠲᠡ ᠶᠢᠨ ᠢᠲᠡᠭᠡᠯ ᠵᠣᠷᠢᠭ ᠢᠶᠠᠨ ᠪᠠᠲᠤᠳᠬᠠᠵᠤ᠂ ᠠᠷᠠᠯᠵᠢᠶᠠᠴᠢᠨ | ᠤᠷᠢᠵᠤ ᠪᠡᠯᠡ ᠣᠷᠣᠭᠤᠯᠬᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ ᠬᠡᠷᠡᠭᠯᠡᠭᠡ ᠶᠢ ᠳᠡᠭᠡᠭᠰᠢᠯᠡᠭᠦᠯᠬᠦ᠂ | ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠬᠦ ᠵᠡᠷᠭᠡ ᠳᠤ ᠠᠩᠬᠠᠷᠤᠯ ᠢᠶᠠᠨ ᠲᠥᠪᠯᠡᠷᠡᠭᠦᠯᠦᠨ | ᠤᠨᠢᠨ ᠳᠡᠭᠡᠷ᠎ᠡ ᠨᠢ ᠬᠦᠴᠦᠯᠡᠵᠦ᠂ ᠠᠵᠤ ᠠᠬᠤᠢ ᠶᠢᠨ ᠦᠷᠭᠦᠯᠵᠢᠯᠡᠨ ᠰᠠᠶᠢᠵᠢᠷᠠᠬᠤ ᠶᠢ ᠦᠨᠡᠨ ᠬᠦ ᠠᠬᠢᠭᠤᠯᠬᠤ | ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠪᠦᠬᠦ ᠬᠤᠳᠠ ᠶᠢᠨ ᠠᠮᠤ ᠪᠤᠳᠠᠭᠠᠨ ᠤ ᠠᠮᠤᠷ ᠲᠦᠪᠰᠢᠨ ᠵᠢᠴᠢ ᠲᠠᠷᠢᠶᠠᠨ ᠭᠠᠵᠠᠷ ᠢ ᠬᠠᠮᠠᠭᠠᠯᠠᠬᠤ | ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠢᠶᠠᠨ ᠭᠠᠵᠠᠷ ᠤᠨ ᠬᠠᠮᠠᠭᠠᠯᠠᠯᠲᠠ ᠪᠣᠯᠤᠨ | ᠠᠮᠤ ᠪᠤᠳᠠᠭᠠᠨ ᠤ ᠠᠮᠤᠷ ᠲᠦᠪᠰᠢᠨ ᠳᠤ ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠲᠠᠷᠢᠶᠠᠨ ᠭᠠᠵᠠᠷ ᠤᠨ ᠬᠠᠮᠠᠭᠠᠯᠠᠯᠲᠠ ᠶᠢ ᠴᠢᠩᠭᠠᠳᠬᠠᠵᠤ᠂ ᠲᠠᠷᠢᠶᠠᠨ ᠭᠠᠵᠠᠷ ᠤᠨ ᠶᠠᠰᠤ | ᠴᠢᠨᠠᠷ ᠢ ᠳᠡᠭᠡᠭᠰᠢᠯᠡᠭᠦᠯᠵᠦ᠂ ᠬᠠᠪᠤᠷ ᠤᠨ ᠲᠠᠷᠢᠶᠠᠯᠠᠭ᠎ᠠ ᠶᠢᠨ ︽ᠰᠠᠨᠠᠭᠠᠴᠢᠯᠠᠭᠠᠲᠤ ᠳᠠᠶᠢᠯᠠᠯᠳᠤᠭᠠᠨ︾ ᠢ ᠰᠠᠶᠢᠲᠤᠷ | ᠬᠢᠵᠦ᠂ ᠰᠠᠶᠢᠨ ᠲᠠᠷᠢᠶ᠎ᠠ ᠰᠠᠶᠢᠨ ᠦᠷ᠎ᠡ ᠰᠠᠶᠢᠨ ᠮᠠᠰᠢᠨ ᠰᠠᠶᠢᠨ ᠠᠷᠭ᠎ᠠ ︽ᠲᠦᠷᠪᠡᠨ ᠰᠠᠶᠢᠨ︾ ᠤ ᠠᠭᠤᠰᠤᠯᠴᠠᠯ ᠢ | ᠠᠬᠢᠭᠤᠯᠵᠤ᠂ ᠠᠮᠤ ᠪᠤᠳᠠᠭᠠᠨ ᠤ ᠦᠢᠯᠡᠳᠪᠦᠷᠢᠯᠡᠯ ᠤᠨ ᠶᠠᠰᠤ ᠴᠢᠨᠠᠷ ᠦᠷ᠎ᠡ ᠠᠰᠢᠭ ᠢ ᠦᠷᠭᠦᠯᠵᠢᠯᠡᠨ | ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠪᠦᠬᠦ ᠬᠤᠳᠠ ᠶᠢᠨ ᠦᠵᠡᠯ ᠰᠠᠨᠠᠭ᠎ᠠ ᠤᠯᠤᠰ ᠲᠦᠷᠦ ᠶᠢᠨ ᠠᠵᠢᠯ ᠪᠣᠯᠤᠨ ᠦᠵᠡᠯ ᠰᠠᠨᠠᠭ᠎ᠠ | ᠤᠯᠤᠰ ᠲᠦᠷᠦ ᠶᠢᠨ ᠬᠢᠴᠢᠶᠡᠯ ᠤᠨ ᠪᠠᠶᠢᠭᠤᠯᠤᠯᠲᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ | ᠤᠨᠤᠯ ᠢᠶᠠᠷ ᠵᠡᠪᠰᠡᠭᠯᠡᠬᠦ ᠶᠢ ᠦᠷᠭᠦᠯᠵᠢᠯᠡᠨ ᠴᠢᠩᠭᠠᠳᠬᠠᠵᠤ᠂ ᠤᠯᠠᠭᠠᠨᠴᠠᠪ ᠤᠨ ᠦᠨᠳᠦᠰᠦᠲᠡᠨ ᠨᠦᠭᠦᠳ ᠤᠨ ᠤᠯᠠᠨ | ᠲᠦᠮᠡᠨ ᠤ ᠪᠦᠯᠬᠦᠮᠳᠡᠨ ᠲᠡᠮᠡᠴᠡᠭᠰᠡᠨ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠭᠰᠠᠨ ᠦᠯᠢᠭᠡᠷ ᠢ ᠰᠠᠶᠢᠲᠤᠷ | ᠶᠠᠷᠢᠵᠤ᠂ ᠵᠥᠪ ᠲᠠᠯ᠎ᠠ ᠶᠢᠨ ᠨᠡᠶᠢᠲᠡᠯᠢᠭ ᠵᠢᠱᠢᠶ᠎ᠡ ᠶᠢ ᠤᠬᠠᠭᠤᠯᠵᠤ᠂ ᠨᠡᠶᠢᠭᠡᠮ ᠤᠨ ᠢᠳᠡᠪᠬᠢ ᠬᠦᠴᠦᠨ ᠢ | ᠳᠠᠮᠵᠢᠭᠤᠯᠬᠤ ᠬᠡᠷᠡᠭᠲᠡᠢ᠃ ᠶᠡᠭᠡ ᠰᠤᠷᠭᠠᠭᠤᠯᠢ ᠳᠤᠮᠳᠠᠳᠤ ᠪᠠᠭ᠎ᠠ ᠰᠤᠷᠭᠠᠭᠤᠯᠢ ᠶᠢᠨ ᠦᠵᠡᠯ ᠰᠠᠨᠠᠭ᠎ᠠ ᠤᠯᠤᠰ | ᠲᠦᠷᠦ ᠶᠢᠨ ᠬᠥᠮᠦᠵᠢᠯ ᠢ ᠨᠢᠭᠡ ᠴᠤᠬᠴᠠᠵᠢᠭᠤᠯᠬᠤ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠥᠨᠳᠥᠷ ᠬᠡᠪ | ᠪᠣᠯᠪᠠᠰᠤᠷᠠᠯ ᠲᠠᠢ ᠲᠤᠰᠬᠠᠶᠢᠵᠢᠭᠰᠠᠨ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠤᠨ ᠪᠠᠭᠰᠢ ᠶᠢᠨ ᠡᠩᠨᠡᠭᠡ ᠶᠢ | ᠲᠦᠷᠭᠡᠨ ᠬᠥᠮᠦᠵᠢᠭᠦᠯᠵᠦ᠂ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠤᠨ ᠲᠠᠲᠠᠬᠤ ᠬᠦᠴᠦᠨ ᠪᠠ | ᠨᠥᠯᠥᠭᠡᠯᠡᠬᠦ ᠬᠦᠴᠦᠨ ᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ | ᠣᠷᠴᠢᠭᠤᠯᠤᠭᠴᠢ᠄ ᠭᠤᠸ᠎ᠠ | ᠬᠢᠨᠠᠭᠴᠢ᠄ ᠠᠷᠢᠭᠤᠨ |