ᠤᠯᠠᠭᠠᠨᠴᠠᠪ ᠬᠤᠲᠠ ᠶᠢᠨ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ ︵ᠳᠣᠷᠣᠭᠰᠢ ᠬᠤᠲᠠ ᠶᠢᠨ ᠵᠠᠬᠢᠳᠠᠯ | ᠰᠤᠷᠪᠤᠯᠵᠢᠯᠠᠭ᠎ᠠ ᠶᠢᠨ ᠲᠣᠪᠴᠢᠶ᠎ᠠ ᠭᠡᠵᠦ ᠲᠣᠪᠴᠢᠯᠠᠨ᠎ᠠ︶ ᠪᠣᠯ ᠬᠤᠲᠠ ᠶᠢᠨ ᠠᠷᠠᠳ ᠤᠨ ᠵᠠᠰᠠᠭ ᠤᠨ ᠣᠷᠳᠣᠨ ᠤ | ᠠᠵᠢᠯ ᠤᠨ ᠰᠠᠯᠠᠭ᠎ᠠ ᠮᠥᠴᠢᠷ ᠪᠠᠶᠢᠵᠤ᠂ ᠵᠢᠩᠬᠢᠨᠢ ᠭᠠᠵᠠᠷ ᠤᠨ ᠳᠡᠰ ᠤᠨ ᠨᠢᠭᠡᠴᠢ ᠪᠣᠯᠤᠨ᠎ᠠ᠃ | ᠬᠤᠲᠠ ᠶᠢᠨ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠲᠤᠬᠠᠶ | ᠨᠠᠮ ᠤᠨ ᠲᠥᠪ ᠬᠤᠷᠢᠶᠠᠨ ᠤ ᠴᠢᠭᠯᠡᠯᠲᠡ ᠲᠥᠷᠥ ᠶᠢᠨ ᠪᠣᠳᠣᠯᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠪᠣᠯᠤᠨ ᠬᠤᠲᠠ ᠶᠢᠨ ᠨᠠᠮ ᠤᠨ ᠬᠤᠷᠢᠶᠠᠨ ᠤ ᠬᠠᠮᠢᠶ᠎ᠠ ᠪᠦᠬᠦᠢ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ | ᠶᠠᠪᠤᠴᠠ ᠳᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠳᠠᠬᠢ ᠨᠠᠮ ᠤᠨ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠶᠢ | ᠪᠠᠷᠢᠮᠲᠠᠯᠠᠨ ᠴᠢᠩᠭᠠᠳᠬᠠᠨ᠎ᠠ᠃ ᠭᠤᠣᠯ ᠡᠭᠦᠷᠭᠡ ᠬᠠᠷᠢᠭᠤᠴᠠᠯᠭ᠎ᠠ ᠪᠣᠯ᠄ | ︵ᠨᠢᠭᠡ︶ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ | ᠵᠣᠬᠢᠴᠠᠭᠤᠯᠤᠨ ᠵᠢᠯᠣᠭᠤᠳᠬᠤ ᠶᠢ ᠬᠠᠷᠢᠭᠤᠴᠠᠨ᠎ᠠ᠃ | ︵ᠬᠤᠶᠠᠷ︶ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ᠂ ᠬᠤᠲᠠ ᠶᠢᠨ ᠨᠠᠮ ᠤᠨ ᠬᠤᠷᠢᠶ᠎ᠠ ᠪᠠ ᠵᠠᠰᠠᠭ ᠤᠨ ᠣᠷᠳᠣᠨ | ᠵᠢᠴᠢ ᠤᠳᠤᠷᠢᠳᠬᠤ ᠨᠥᠬᠦᠳ ᠤᠨ ᠲᠤᠰᠢᠶᠠᠨ ᠰᠢᠢᠳᠪᠦᠷᠢᠯᠡᠭᠦᠯᠦᠭᠰᠡᠨ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ | ᠳᠠᠭᠠᠭᠠᠨ ᠭᠦᠢᠴᠡᠳᠬᠡᠨ᠎ᠡ᠃ ᠠᠷᠠᠳ ᠢᠷᠭᠡᠨ᠂ ᠬᠠᠤᠯᠢ ᠶᠢᠨ ᠬᠥᠮᠦᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠶᠢᠨ | ᠳᠤᠷᠠᠳᠤᠭᠰᠠᠨ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠬᠦᠯᠢᠶᠡᠨ ᠠᠪᠴᠤ ᠰᠢᠢᠳᠪᠦᠷᠢᠯᠡᠬᠦ ᠪᠠ ᠰᠢᠢᠳᠪᠦᠷᠢᠯᠡᠬᠦ | ᠠᠵᠢᠯ ᠢ ᠬᠠᠷᠢᠭᠤᠴᠠᠨ᠎ᠠ᠃ ᠠᠷᠠᠳ ᠣᠯᠠᠨ ᠤ ᠰᠠᠨᠠᠯ ᠰᠠᠨᠠᠭᠤᠯᠭ᠎ᠠ ᠶᠢ ᠴᠤᠭᠯᠠᠭᠤᠯᠤᠨ᠎ᠠ᠃ | ︵ᠭᠤᠷᠪᠠ︶ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠲᠤ ᠰᠢᠯᠵᠢᠭᠦᠯᠦᠨ ᠰᠢᠢᠳᠪᠦᠷᠢᠯᠡᠭᠦᠯᠬᠦ᠂ | ᠲᠤᠰᠢᠶᠠᠨ ᠰᠢᠢᠳᠪᠦᠷᠢᠯᠡᠭᠦᠯᠬᠦ ᠵᠠᠬᠢᠳᠠᠯ ᠰᠤᠷᠪᠤᠯᠵᠢᠯᠠᠭ᠎ᠠ ᠶᠢᠨ ᠵᠦᠢᠯ ᠢ ᠬᠠᠷᠢᠭᠤᠴᠠᠨ᠂ ᠵᠠᠬᠢᠳᠠᠯ | ᠰᠤᠷᠪᠤᠯᠵᠢᠯᠠᠭ᠎ᠠ ᠶᠢᠨ ᠵᠦᠢᠯ ᠢ ᠰᠢᠢᠳᠪᠦᠷᠢᠯᠡᠭᠦᠯᠬᠦ ᠪᠠ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ | ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠰᠢᠮᠳᠠᠭᠤᠯᠤᠨ ᠪᠠᠶᠢᠴᠠᠭᠠᠵᠤ᠂ ᠭᠠᠵᠠᠷ | ᠣᠷᠣᠨ ᠠᠯᠤᠰᠯᠠᠭᠰᠠᠨ᠂ ᠰᠠᠯᠠᠭ᠎ᠠ ᠮᠥᠴᠢᠷ ᠠᠯᠤᠰᠯᠠᠭᠰᠠᠨ᠂ ᠠᠵᠢᠯ ᠲᠥᠷᠥᠯ ᠠᠯᠤᠰᠯᠠᠭᠰᠠᠨ ᠵᠠᠬᠢᠳᠠᠯ | ᠰᠣᠷᠪᠤᠯᠵᠢᠯᠠᠭ᠎ᠠ ᠶᠢᠨ ᠵᠦᠢᠯᠡᠰ ᠢ ᠵᠣᠬᠢᠴᠠᠭᠤᠯᠤᠨ ᠰᠢᠮᠳᠠᠭᠤᠯᠤᠨ ᠪᠠᠶᠢᠴᠠᠭᠠᠵᠤ ᠰᠢᠢᠳᠪᠦᠷᠢᠯᠡᠬᠦ ᠶᠢ ᠬᠠᠷᠢᠭᠤᠴᠠᠨ᠎ᠠ᠃ | ︵ᠲᠦᠷᠪᠡ︶ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ ᠵᠢᠭᠰᠠᠭᠠᠨ ᠪᠠᠶᠢᠴᠠᠭᠠᠵᠤ ᠠᠷᠢᠯᠭᠠᠬᠤ ᠳᠦᠷᠢᠮ ᠢ | ᠬᠠᠷᠢᠭᠤᠴᠠᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠵᠠᠬᠢᠳᠠᠯ ᠰᠤᠷᠪᠤᠯᠵᠢᠯᠠᠭ᠎ᠠ ᠶᠢᠨ | ᠪᠠᠶᠢᠳᠠᠯ ᠢ ᠵᠠᠳᠠᠯᠬᠤ᠂ ᠲᠤᠷᠰᠢᠯᠭ᠎ᠠ ᠬᠢᠳᠡᠯ ᠢᠶᠠᠨ ᠳ᠋ᠦᠩᠨᠡᠬᠦ ᠶᠢ ᠬᠠᠷᠢᠭᠤᠴᠠᠵᠤ᠂ ᠬᠤᠲᠠ ᠶᠢᠨ ᠨᠠᠮ ᠤᠨ ᠬᠤᠷᠢᠶ᠎ᠠ ᠪᠠ | ᠵᠠᠰᠠᠭ ᠤᠨ ᠣᠷᠳᠣᠨ ᠳᠤ ᠬᠤᠯᠪᠣᠭᠳᠠᠯ ᠪᠦᠬᠦᠢ ᠰᠠᠨᠠᠯ ᠪᠠ ᠰᠠᠨᠠᠭᠤᠯᠭ᠎ᠠ ᠳᠤᠷᠠᠳᠤᠨ᠎ᠠ᠃ | ︵ᠲᠠᠪᠤ︶ ᠵᠠᠬᠢᠳᠠᠯ ᠰᠤᠷᠪᠤᠯᠵᠢᠯᠠᠭ᠎ᠠ ᠶᠢᠨ ᠥᠭᠡᠷᠡᠴᠢᠯᠡᠯᠲᠡ ᠶᠢ ᠬᠠᠷᠭᠤᠴᠠᠨ᠎ᠠ᠃ ᠵᠠᠬᠢᠳᠠᠯ | ᠰᠤᠷᠪᠤᠯᠵᠢᠯᠠᠭ᠎ᠠ ᠶᠢᠨ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ᠃ ᠪᠥᠬᠦ ᠬᠤᠲᠠ ᠶᠢᠨ | ᠵᠠᠬᠢᠳᠠᠯ ᠰᠤᠷᠪᠤᠯᠵᠢᠯᠠᠭ᠎ᠠ ᠶᠢᠨ ᠮᠡᠳᠡᠭᠡ ᠵᠠᠩᠭᠢ ᠶᠢᠨ ᠰᠢᠰᠲ᠋ᠧᠮ ᠤᠨ ᠪᠠᠶᠢᠭᠤᠯᠤᠯᠲᠠ ᠪᠠ ᠬᠠᠮᠢᠶᠠᠷᠤᠯᠲᠠ ᠶᠢᠨ ᠠᠵᠢᠯ ᠢ | ᠬᠠᠷᠢᠭᠤᠴᠠᠨ ᠵᠢᠯᠣᠭᠤᠳᠤᠨ᠎ᠠ᠃ | ︵ᠵᠢᠷᠭᠤᠭ᠎ᠠ︶ ᠪᠦᠬᠦ ᠬᠤᠲᠠ ᠶᠢᠨ ᠵᠠᠬᠢᠳᠠᠯ ᠰᠤᠷᠪᠤᠯᠵᠢᠯᠠᠭ᠎ᠠ ᠶᠢᠨ ᠰᠠᠯᠠᠭ᠎ᠠ ᠮᠥᠴᠢᠷ ᠤᠨ ᠡᠩᠨᠡᠭᠡᠨ ᠤ | ᠪᠠᠶᠢᠭᠤᠯᠤᠯᠲᠠ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠠ ᠪᠣᠯᠪᠠᠰᠤᠷᠠᠯ ᠤᠨ ᠠᠵᠢᠯ ᠢ | ᠬᠠᠷᠢᠭᠤᠴᠠᠨ ᠵᠢᠯᠣᠭᠤᠳᠤᠨ᠎ᠠ᠃ | ︵ᠳᠤᠯᠤᠭ᠎ᠠ︶ ᠬᠤᠲᠠ ᠶᠢᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠮᠲᠤᠷᠠᠭᠰᠠᠨ ᠬᠤᠷᠠᠯ ᠤᠨ ᠠᠯᠪᠠᠨ | ᠬᠡᠷ ᠤᠨ ᠡᠳᠦᠷ ᠲᠤᠲᠤᠮ ᠤᠨ ᠠᠵᠢᠯ ᠢ ᠬᠠᠷᠢᠭᠤᠴᠠᠵᠤ᠂ ᠬᠤᠲᠠ ᠶᠢᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ | ᠬᠠᠮᠲᠤᠷᠠᠭᠰᠠᠨ ᠬᠤᠷᠠᠯ ᠤᠨ ᠲᠣᠭᠲᠠᠭᠠᠭᠰᠠᠨ ᠵᠦᠢᠯᠡᠰ ᠤᠨ ᠨᠠᠶᠢᠳᠠᠪᠤᠷᠢᠵᠢᠭᠤᠯᠤᠯᠲᠠ ᠶᠢ ᠰᠢᠮᠳᠠᠭᠤᠯᠤᠨ ᠪᠠᠶᠢᠴᠠᠭᠠᠨ᠎ᠠ᠃ | ︵ᠨᠠᠢᠮᠠ︶ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠤᠬᠠᠭᠤᠯᠬᠤ᠂ ᠮᠡᠳᠡᠭᠡ ᠵᠠᠩᠭᠢ ᠨᠡᠶᠢᠲᠡᠯᠡᠬᠦ ᠪᠠ | ᠭᠠᠳᠠᠭᠠᠳᠤ ᠲᠠᠢ ᠰᠣᠯᠢᠯᠴᠠᠬᠤ ᠶᠢ ᠵᠣᠬᠢᠴᠠᠭᠤᠯᠤᠨ᠎ᠠ᠃ | ︵ᠶᠢᠰᠦ︶ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ᠂ ᠲᠤᠰ ᠰᠠᠯᠠᠭ᠎ᠠ | ᠮᠥᠴᠢᠷ ᠤᠨ ᠢᠶᠠᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ᠂ ᠦᠵᠡᠯ ᠤᠬᠠᠮᠰᠠᠷ ᠤᠨ ᠬᠡᠯᠪᠡᠷᠢ᠂ | ᠠᠶᠤᠯᠭᠦᠢ ᠦᠢᠯᠡᠳᠪᠦᠷᠢᠯᠡᠯ᠂ ᠲᠣᠭᠲᠠᠭᠤᠨ ᠢ ᠬᠠᠮᠠᠭᠠᠯᠠᠬᠤ᠂ ᠢᠳᠡᠭᠡᠨ ᠤ ᠠᠮᠤᠷ ᠲᠦᠪᠰᠢᠨ᠂ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠵᠡᠷᠭᠡ ᠠᠵᠢᠯ ᠢ ᠬᠠᠷᠢᠭᠤᠴᠠᠨ᠎ᠠ᠃ | ︵ᠠᠷᠪᠠ︶ ᠬᠤᠲᠠ ᠶᠢᠨ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ | ᠡᠭᠦᠷᠭᠡ ᠶᠢ ᠪᠡᠶᠡᠯᠡᠭᠦᠯᠦᠨ᠎ᠡ᠃ | ᠬᠤᠲᠠ ᠶᠢᠨ ᠵᠠᠬᠢᠳᠠᠯ ᠰᠣᠷᠪᠤᠯᠵᠢᠯᠠᠭ᠎ᠠ ᠶᠢᠨ ᠲᠣᠪᠴᠢᠶ᠎ᠠ ᠳᠣᠣᠷᠠᠬᠢ ᠮᠡᠲᠦ ᠳᠣᠲᠣᠭᠠᠳᠤ ᠪᠠᠶᠢᠭᠤᠯᠤᠮᠵᠢ ᠶᠢ | ᠲᠣᠬᠢᠷᠠᠭᠤᠯᠪᠠ᠄ | ︵ᠨᠢᠭᠡ︶ ᠠᠯᠪᠠᠨ ᠭᠡᠷ᠃ ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯ ᠢ ᠬᠠᠷᠢᠭᠤᠴᠠᠵᠤ᠂ ᠮᠡᠳᠡᠭᠡ ᠵᠠᠩᠭᠢ᠂ | ᠠᠮᠤᠷ ᠲᠦᠪᠰᠢᠨ᠂ ᠨᠢᠭᠤᠴᠠ ᠶᠢ ᠬᠠᠮᠠᠭᠠᠯᠠᠬᠤ᠂ ᠡᠳ᠋ ᠤᠨ ᠶᠠᠪᠤᠳᠠᠯ᠂ ᠡᠳ᠋ ᠬᠥᠷᠥᠩᠭᠡ ᠶᠢᠨ ᠬᠠᠮᠢᠶᠠᠷᠤᠯᠲᠠ᠂ | ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠵᠠᠰᠠᠭ ᠤᠨ ᠶᠠᠪᠤᠳᠠᠯ ᠢ ᠢᠯᠡ ᠪᠣᠯᠭᠠᠬᠤ ᠵᠡᠷᠭᠡ ᠠᠵᠢᠯ ᠢ | ᠡᠭᠦᠷᠭᠡᠯᠡᠨ᠎ᠡ᠃ ᠵᠠᠬᠢᠳᠠᠯ ᠰᠣᠷᠪᠤᠯᠵᠢᠯᠠᠭ᠎ᠠ ᠶᠢᠨ ᠪᠠᠶᠢᠳᠠᠯ ᠢ ᠶᠡᠷᠦᠩᠬᠡᠶᠢᠯᠡᠨ ᠵᠠᠳᠠᠯᠵᠤ ᠰᠤᠳᠤᠯᠤᠨ ᠮᠠᠭᠠᠳᠯᠠᠵᠤ᠂ | ᠵᠢᠯᠣᠭᠤᠳᠬᠤ ᠰᠠᠨᠠᠯ ᠳᠤᠷᠠᠳᠤᠨ᠎ᠠ᠃ ᠲᠣᠰ ᠰᠠᠯᠠᠭ᠎ᠠ ᠮᠥᠴᠢᠷ ᠤᠨ ᠵᠢᠷᠤᠮᠵᠢᠯ ᠤᠨ ᠴᠢᠨᠠᠷᠲᠠᠶ ᠪᠢᠴᠢᠭ | ᠮᠠᠲ᠋ᠧᠷᠢᠶᠠᠯ ᠤᠨ ᠬᠠᠤᠯᠢ ᠶᠣᠰᠣᠨ ᠤ ᠪᠥᠭᠡᠳ ᠲᠣᠭᠲᠠᠭᠠᠯ ᠳᠤ ᠨᠡᠶᠢᠴᠡᠬᠦ ᠴᠢᠨᠠᠷ ᠢ ᠬᠢᠨᠠᠨ ᠬᠠᠷᠭᠤᠭᠤᠯᠬᠤ᠂ | ᠮᠡᠳᠡᠭᠦᠯᠦᠨ ᠳᠠᠩᠰᠠᠯᠠᠭᠤᠯᠬᠤ ᠠᠵᠢᠯ ᠢ ᠡᠭᠦᠷᠭᠡᠯᠡᠨ᠎ᠡ᠃ ᠪᠦᠬᠦ ᠲᠠᠯ᠎ᠠ ᠶᠢᠨ ᠵᠠᠬᠢᠳᠠᠯ ᠰᠣᠷᠪᠤᠯᠵᠢᠯᠠᠭ᠎ᠠ ᠶᠢᠨ | ᠲᠤᠬᠠᠶᠢᠯᠠᠭᠰᠠᠨ ᠠᠵᠢᠯ ᠢ ᠶᠡᠷᠦᠩᠬᠡᠶᠢᠯᠡᠨ ᠵᠣᠬᠢᠴᠠᠭᠤᠯᠵᠤ᠂ ᠵᠠᠬᠢᠳᠠᠯ ᠰᠣᠷᠪᠤᠯᠵᠢᠯᠠᠭ᠎ᠠ ᠶᠢᠨ ᠡᠩᠨᠡᠭᠡᠨ ᠤ | ᠪᠣᠯᠪᠠᠰᠤᠷᠠᠭᠤᠯᠤᠯ ᠤᠨ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ ᠵᠠᠬᠢᠳᠠᠯ ᠰᠣᠷᠪᠤᠯᠵᠢᠯᠠᠭ᠎ᠠ ᠶᠢᠨ | ᠠᠵᠢᠯ ᠤᠨ ᠥᠭᠡᠷᠡᠴᠢᠯᠡᠯᠲᠡ ᠶᠢᠨ ᠡᠭᠦᠷᠭᠡ ᠶᠢ ᠡᠭᠦᠷᠭᠡᠯᠡᠵᠦ᠂ ᠵᠠᠬᠢᠳᠠᠯ ᠰᠣᠷᠪᠤᠯᠵᠢᠯᠠᠭ᠎ᠠ ᠶᠢᠨ ᠠᠵᠢᠯ ᠢ | ᠰᠠᠶᠢᠵᠢᠷᠠᠭᠤᠯᠤᠨ ᠴᠢᠩᠭᠠᠳᠬᠠᠬᠤ ᠲᠤᠬᠠᠶ ᠰᠠᠨᠠᠯ ᠰᠠᠨᠠᠭᠤᠯᠭ᠎ᠠ ᠳᠤᠷᠠᠳᠤᠨ᠎ᠠ᠃ ᠵᠠᠬᠢᠳᠠᠯ ᠰᠣᠷᠪᠤᠯᠵᠢᠯᠠᠭ᠎ᠠ ᠶᠢᠨ | ᠰᠣᠨᠢᠨ ᠮᠡᠳᠡᠭᠡᠨ ᠤ ᠤᠬᠠᠭᠤᠯᠭ᠎ᠠ ᠶᠢᠨ ᠠᠵᠢᠯ ᠢ ᠦᠷᠨᠢᠭᠦᠯᠦᠨ᠎ᠡ᠃ ᠪᠠᠶᠢᠭᠤᠯᠤᠮᠵᠢ ᠶᠢᠨ ᠣᠷᠣᠨ ᠲᠤᠭ᠎ᠠ᠂ | ᠠᠵᠢᠯᠲᠠᠨ ᠤ ᠶᠠᠪᠤᠳᠠᠯ ᠤᠨ ᠬᠠᠮᠢᠶᠠᠷᠤᠯᠲᠠ᠂ ᠡᠩᠨᠡᠭᠡᠨ ᠤ ᠪᠠᠶᠢᠭᠤᠯᠤᠯᠲᠠ ᠵᠢᠴᠢ ᠠᠵᠢᠯ ᠠᠴᠠ ᠪᠠᠨ ᠠᠮᠠᠷᠠᠭᠰᠠᠳ | ᠪᠠᠭᠤᠭᠰᠠᠳ ᠤᠨ ᠦᠢᠯᠡᠴᠢᠯᠡᠭᠡ ᠬᠠᠮᠢᠶᠠᠷᠤᠯᠲᠠ ᠵᠡᠷᠭᠡ ᠠᠵᠢᠯ ᠢ ᠡᠭᠦᠷᠭᠡᠯᠡᠨ᠎ᠡ᠃ ᠤᠯᠠᠭᠠᠨᠴᠠᠪ ᠬᠤᠲᠠ ᠶᠢᠨ ᠵᠠᠬᠢᠳᠠᠯ | ᠰᠤᠷᠪᠤᠯᠵᠢᠯᠠᠭ᠎ᠠ ᠶᠢᠨ ᠠᠵᠢᠯ ᠤᠨ ᠬᠠᠮᠲᠤᠷᠠᠭᠰᠠᠨ ᠬᠤᠷᠠᠯ ᠤᠨ ᠠᠯᠪᠠᠨ ᠬᠡᠷ ᠤᠨ ᠡᠳᠦᠷ ᠲᠤᠲᠤᠮ ᠤᠨ ᠠᠵᠢᠯ ᠢ | ᠬᠠᠷᠢᠭᠤᠴᠠᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ | ᠵᠢᠯᠣᠭᠤᠳᠤᠨ ᠪᠠᠶᠢᠴᠠᠭᠠᠨ᠎ᠠ᠃ | ᠤᠲᠠᠰᠤ᠄ 0474 - 8326507 | ︵ᠬᠤᠶᠠᠷ︶ ᠮᠡᠳᠡᠭᠡ ᠵᠠᠩᠭᠢ ᠶᠢᠨ ᠰᠠᠯᠠᠭ᠎ᠠ ︵ᠠᠷᠠᠳ ᠤᠨ ᠰᠠᠨᠠᠭᠤᠯᠭ᠎ᠠ ᠴᠤᠭᠯᠠᠭᠤᠯᠬᠤ ᠠᠯᠪᠠᠨ ᠭᠡᠷ︶᠃ | ᠠᠷᠠᠳ ᠢᠷᠭᠡᠨ᠂ ᠬᠠᠤᠯᠢ ᠶᠢᠨ ᠬᠦᠮᠦᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠶᠢᠨ ᠢᠷᠡᠭᠦᠯᠦᠭᠰᠡᠨ ᠵᠠᠬᠢᠳᠠᠯ ᠢ | ᠬᠦᠯᠢᠶᠡᠨ ᠠᠪᠴᠤ ᠰᠢᠢᠳᠪᠦᠷᠢᠯᠡᠬᠦ ᠶᠢ ᠬᠠᠷᠢᠭᠤᠴᠠᠨ᠎ᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ | ᠵᠠᠰᠠᠭ ᠤᠨ ᠣᠷᠳᠣᠨ᠂ ᠬᠤᠲᠠ ᠶᠢᠨ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠵᠢᠴᠢ ᠤᠳᠤᠷᠢᠳᠬᠤ | ᠨᠥᠬᠦᠳ ᠤᠨ ᠴᠣᠬᠤᠯᠠᠪᠤᠷᠢᠯᠠᠭᠰᠠᠨ ᠵᠠᠬᠢᠳᠠᠯ ᠤᠨ ᠵᠦᠢᠯᠡᠰ ᠢ ᠳᠠᠭᠠᠭᠠᠨ ᠭᠦᠢᠴᠡᠳᠬᠡᠨ᠎ᠡ᠃ ᠤᠯᠤᠰ᠂ ᠥᠪᠡᠷᠲᠡᠭᠡᠨ | ᠵᠠᠰᠠᠬᠤ ᠣᠷᠣᠨ ᠤ ᠵᠠᠬᠢᠳᠠᠯ ᠰᠣᠷᠪᠤᠯᠵᠢᠯᠠᠭ᠎ᠠ ᠶᠢᠨ ᠲᠣᠪᠴᠢᠶ᠎ᠠ ᠶᠢᠨ ᠳᠠᠮᠵᠢᠭᠤᠯᠤᠨ ᠬᠦᠷᠭᠡᠬᠦ᠂ ᠲᠤᠰᠢᠶᠠᠨ | ᠭᠦᠢᠴᠡᠳᠬᠡᠯᠭᠡᠬᠦ ᠵᠠᠬᠢᠳᠠᠯ ᠤᠨ ᠵᠦᠢᠯᠡᠰ ᠢ ᠳᠠᠭᠠᠭᠠᠨ ᠭᠦᠢᠴᠡᠳᠬᠡᠨ᠎ᠡ᠃ ᠬᠤᠲᠠ ᠶᠢᠨ ᠵᠠᠬᠢᠳᠠᠯ ᠰᠤᠷᠪᠤᠯᠵᠢᠯᠠᠭ᠎ᠠ ᠶᠢᠨ | ᠠᠰᠠᠭᠤᠨ ᠯᠠᠪᠯᠠᠬᠤ ᠤᠲᠠᠰᠤᠨ ᠤ ᠠᠵᠢᠯ ᠢ ᠡᠭᠦᠷᠭᠡᠯᠡᠨ᠎ᠡ᠃ ᠵᠠᠬᠢᠳᠠᠯ ᠴᠢᠮᠡᠭᠡ ᠢᠷᠡᠭᠦᠯᠬᠦ᠂ ᠲᠤᠰᠢᠶᠠᠨ | ᠰᠢᠢᠳᠪᠦᠷᠢᠯᠡᠭᠦᠯᠬᠦ᠂ ᠰᠢᠮᠳᠠᠭᠤᠯᠤᠯᠲᠠ ᠬᠢᠯᠭᠡᠬᠦ᠂ ᠵᠠᠬᠢᠳᠠᠯ ᠢᠷᠡᠭᠦᠯᠦᠭᠰᠡᠨ ᠪᠠ ᠤᠲᠠᠰᠤ ᠶᠢᠨ ᠪᠠᠶᠢᠳᠠᠯ ᠢ ᠪᠦᠷᠢᠳᠬᠡᠨ | ᠵᠠᠳᠠᠯᠬᠤ ᠶᠢᠨ ᠬᠠᠮᠲᠤ ᠰᠠᠨᠠᠯ ᠪᠠ ᠰᠠᠨᠠᠭᠤᠯᠭ᠎ᠠ ᠳᠤᠷᠠᠳᠤᠨ᠎ᠠ᠃ ᠠᠷᠠᠳ ᠢᠷᠭᠡᠨ᠂ ᠬᠠᠤᠯᠢ ᠶᠢᠨ ᠡᠷᠬᠡᠲᠡᠨ ᠪᠤᠶᠤ | ᠪᠤᠰᠤᠳ ᠵᠣᠬᠢᠶᠠᠨ ᠪᠠᠶᠢᠭᠤᠯᠤᠯᠲᠠ ᠶᠢᠨ ᠳᠤᠷᠠᠳᠤᠭᠰᠠᠨ ᠰᠠᠨᠠᠯ ᠰᠠᠨᠠᠭᠤᠯᠭ᠎ᠠ ᠶᠢ ᠴᠤᠭᠯᠠᠭᠤᠯᠵᠤ᠂ ᠰᠢᠢᠳᠪᠦᠷᠢᠯᠡᠵᠦ᠂ | ᠰᠤᠳᠤᠯᠵᠤ᠂ ᠮᠡᠳᠡᠭᠦᠯᠦᠯᠲᠡ ᠬᠢᠨ᠎ᠡ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠵᠠᠬᠢᠳᠠᠯ ᠰᠢᠢᠳᠪᠦᠷᠢᠯᠡᠬᠦ | ᠠᠵᠢᠯ ᠢ ᠵᠢᠯᠣᠭᠤᠳᠤᠨ ᠪᠠᠶᠢᠴᠠᠭᠠᠨ᠎ᠠ᠃ | ᠤᠲᠠᠰᠤ᠄ 0474 - 8326853 | ︵ᠭᠤᠷᠪᠠ︶ ᠰᠤᠷᠪᠤᠯᠵᠢᠯᠠᠭ᠎ᠠ ᠶᠢ ᠬᠦᠯᠢᠶᠡᠨ ᠠᠪᠬᠤ ᠰᠠᠯᠠᠭ᠎ᠠ᠃ ᠠᠷᠠᠳ ᠢᠷᠭᠡᠨ᠂ ᠬᠠᠤᠯᠢ ᠶᠢᠨ ᠡᠷᠬᠡᠲᠡᠨ | ᠪᠤᠶᠤ ᠪᠤᠰᠤᠳ ᠵᠣᠬᠢᠶᠠᠨ ᠪᠠᠶᠢᠭᠤᠯᠤᠯᠲᠠ ᠶᠢᠨ ᠰᠤᠷᠪᠤᠯᠵᠢᠯᠠᠬᠤ ᠪᠠᠷ ᠢᠷᠡᠭᠦᠯᠬᠦ ᠠᠵᠢᠯ ᠢ ᠬᠠᠷᠢᠭᠤᠴᠠᠨ᠎ᠠ᠃ | ᠤᠳᠤᠷᠢᠳᠬᠤ ᠨᠥᠬᠦᠳ ᠰᠤᠷᠪᠤᠯᠵᠢᠯᠠᠬᠤ ᠪᠠᠷ ᠢᠷᠡᠭᠰᠡᠨ ᠵᠦᠢᠯᠡᠰ ᠢ ᠳᠠᠭᠠᠭᠠᠨ ᠠᠪᠴᠤ ᠬᠦᠢᠴᠡᠳᠬᠡᠨ᠎ᠠ᠃ ᠤᠯᠤᠰ᠂ | ᠥᠪᠡᠷᠲᠡᠭᠡᠨ ᠵᠠᠰᠠᠬᠤ ᠣᠷᠣᠨ ᠤ ᠵᠠᠬᠢᠳᠠᠯ ᠰᠣᠷᠪᠤᠯᠵᠢᠯᠠᠭ᠎ᠠ ᠶᠢᠨ ᠲᠣᠪᠴᠢᠶ᠎ᠠ ᠶᠢᠨ ᠰᠢᠯᠵᠢᠭᠦᠯᠦᠨ ᠬᠦᠷᠭᠡᠬᠦ᠂ | ᠲᠤᠰᠢᠶᠠᠨ ᠭᠦᠢᠴᠡᠳᠬᠡᠯᠭᠡᠬᠦ ᠰᠣᠷᠪᠤᠯᠵᠢᠯᠠᠭ᠎ᠠ ᠬᠢᠬᠦ ᠵᠦᠢᠯᠡᠰ ᠢ ᠬᠠᠷᠢᠭᠤᠴᠠᠨ ᠭᠦᠢᠴᠡᠳᠬᠡᠨ᠎ᠡ᠃ ᠬᠤᠲᠠ ᠶᠢᠨ | ᠰᠤᠷᠪᠤᠯᠵᠢᠯᠠᠬᠤ ᠪᠠᠷ ᠢᠷᠡᠭᠰᠡᠨ ᠵᠦᠢᠯᠡᠰ ᠢ ᠰᠢᠯᠵᠢᠭᠦᠯᠦᠨ ᠬᠦᠷᠭᠡᠬᠦ᠂ ᠲᠤᠰᠢᠶᠠᠨ ᠰᠢᠢᠳᠪᠦᠷᠢᠯᠡᠭᠦᠯᠬᠦ᠂ ᠰᠢᠪᠠᠳᠠᠨ | ᠰᠢᠢᠳᠪᠦᠷᠢᠯᠡᠭᠦᠯᠦᠨ᠎ᠡ᠃ ᠮᠠᠨ ᠤ ᠬᠤᠲᠠ ᠶᠢᠨ ᠪᠡᠭᠡᠵᠢᠩ ᠳᠤ ᠣᠴᠢᠬᠤ᠂ ᠤᠷᠤᠨ ᠳᠤ ᠣᠴᠢᠬᠤ ᠵᠡᠷᠭᠡ ᠬᠦᠯᠢᠶᠡᠨ | ᠠᠪᠬᠤ ᠪᠤᠰᠤ ᠭᠠᠵᠠᠷ ᠤᠨ ᠵᠠᠬᠢᠳᠠᠯ ᠰᠤᠷᠪᠤᠯᠵᠢᠯᠠᠭ᠎ᠠ ᠬᠢᠭᠰᠡᠳ ᠢ ᠢᠳᠬᠠᠨ ᠪᠤᠴᠠᠭᠠᠬᠤ ᠠᠵᠢᠯ ᠢ ᠵᠣᠬᠢᠴᠠᠭᠤᠯᠤᠨ | ᠵᠢᠯᠣᠭᠤᠳᠤᠨ᠎ᠠ᠃ ᠬᠤᠲᠠ ᠶᠢᠨ ᠨᠠᠮ ᠵᠠᠰᠠᠭ ᠤᠨ ᠠᠯᠪᠠᠯᠠᠬᠤ ᠲᠣᠭᠤᠷᠢᠭ ᠤᠨ ᠰᠤᠷᠪᠤᠯᠵᠢᠯᠠᠭ᠎ᠠ ᠳᠤ ᠬᠤᠯᠪᠣᠭᠳᠠᠭᠰᠠᠨ | ᠬᠥᠮᠦᠰ ᠢ ᠵᠣᠬᠢᠶᠠᠨ ᠪᠠᠶᠢᠭᠤᠯᠤᠨ ᠵᠣᠬᠢᠴᠠᠭᠤᠯᠵᠤ ᠬᠥᠲᠥᠯᠥᠨ ᠵᠢᠯᠣᠭᠤᠳᠴᠤ ᠪᠠᠶᠢᠭᠠᠳ ᠲᠣᠭᠲᠠᠭᠰᠠᠨ ᠲᠠᠯᠠᠪᠤᠷ ᠲᠤ | ᠠᠰᠠᠭᠤᠳᠠᠯ ᠢ ᠲᠤᠰᠬᠠᠨ᠎ᠠ᠃ ᠬᠤᠲᠠ ᠶᠢᠨ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ ᠶᠢᠨ ᠰᠤᠷᠪᠤᠯᠵᠢᠯᠠᠭ᠎ᠠ ᠶᠢ | ᠭᠥᠯᠢᠶᠡᠨ ᠠᠪᠬᠤ ᠲᠠᠯᠠᠪᠤᠷ ᠤᠨ ᠡᠮᠬᠢ ᠳᠢᠭᠯᠢᠮ ᠢ ᠵᠢᠷᠤᠮᠵᠢᠭᠤᠯᠬᠤ ᠶᠢ ᠬᠠᠷᠢᠭᠤᠴᠠᠨ᠎ᠠ᠃ ᠬᠤᠯᠪᠣᠭᠳᠠᠯ ᠪᠦᠬᠦᠢ | ᠰᠠᠯᠠᠭ᠎ᠠ ᠮᠥᠴᠢᠷ ᠢ ᠬᠠᠮᠵᠢᠵᠤ ᠪᠠᠶᠢᠭᠠᠳ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠨᠢ ᠬᠠᠤᠯᠢ | ᠶᠣᠰᠣᠭᠠᠷ ᠰᠢᠢᠳᠪᠦᠷᠢᠯᠡᠨ᠎ᠡ᠃ ᠬᠠᠮᠢᠶ᠎ᠠ ᠪᠥᠬᠦᠶ ᠠᠵᠢᠯ ᠤᠨ ᠪᠠᠶᠢᠳᠠᠯ ᠢ ᠪᠦᠷᠢᠳᠬᠡᠨ ᠵᠠᠳᠠᠯᠬᠤ ᠶᠢᠨ ᠬᠠᠮᠲᠤ ᠰᠠᠨᠠᠯ | ᠰᠠᠨᠠᠭᠤᠯᠭ᠎ᠠ ᠳᠤᠷᠠᠳᠤᠨ᠎ᠠ᠃ ᠵᠠᠬᠢᠳᠠᠯ ᠰᠤᠷᠪᠤᠯᠵᠢᠯᠠᠭ᠎ᠠ ᠶᠢᠨ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠠᠵᠢᠯ ᠢ | ᠬᠠᠷᠢᠭᠤᠴᠠᠨ᠎ᠠ᠃ ᠵᠠᠬᠢᠳᠠᠯ ᠰᠤᠷᠪᠤᠯᠵᠢᠯᠠᠭ᠎ᠠ ᠶᠢᠨ ᠬᠠᠤᠯᠢ ᠪᠠᠷ ᠵᠠᠰᠠᠬᠤ ᠤᠬᠠᠭᠤᠯᠭ᠎ᠠ ᠶᠢ ᠴᠢᠩᠭᠠᠳᠬᠠᠵᠤ᠂ ᠬᠠᠤᠯᠢ | ᠶᠣᠰᠣᠭᠠᠷ ᠱᠠᠲᠤ ᠳᠠᠷᠠᠭᠠᠯᠠᠨ ᠰᠤᠷᠪᠤᠯᠵᠢᠯᠠᠬᠤ᠂ ᠵᠠᠭᠠᠯᠳᠤᠬᠤ ᠰᠤᠷᠪᠤᠯᠵᠢᠯᠠᠬᠤ ᠶᠢ ᠰᠠᠯᠭᠠᠬᠤ᠂ ᠵᠠᠬᠢᠳᠠᠯ | ᠰᠤᠷᠪᠤᠯᠵᠢᠯᠠᠭ᠎ᠠ ᠶᠢᠨ ᠭᠤᠮᠣᠳᠠᠯ ᠱᠠᠭᠠᠷᠳᠠᠯᠭ᠎ᠠ ᠶᠢ ᠬᠠᠤᠯᠢ ᠶᠣᠰᠣᠭᠠᠷ ᠲᠥᠷᠥᠯ ᠬᠤᠪᠢᠶᠠᠨ ᠰᠢᠢᠳᠪᠦᠷᠢᠯᠡᠬᠦ᠂ | ᠬᠠᠤᠯᠢᠴᠢ ᠶᠢᠨ ᠵᠠᠬᠢᠳᠠᠯ ᠰᠤᠷᠪᠤᠯᠵᠢᠯᠠᠭ᠎ᠠ ᠳᠤ ᠣᠷᠣᠯᠴᠠᠬᠤ ᠵᠡᠷᠭᠡ ᠠᠵᠢᠯ ᠳᠤ ᠣᠷᠣᠯᠴᠠᠬᠤ ᠶᠢ ᠵᠣᠬᠢᠴᠠᠭᠤᠯᠤᠨ | ᠠᠬᠢᠭᠤᠯᠤᠨ᠎ᠠ᠃ ᠵᠠᠰᠠᠭ ᠵᠠᠬᠢᠷᠭᠠᠨ ᠤ ᠵᠠᠷᠭᠤ ᠬᠦᠯᠢᠶᠡᠬᠦ ᠠᠵᠢᠯ ᠢ ᠡᠭᠦᠷᠭᠡᠯᠡᠨ᠎ᠡ᠃ ᠬᠤᠲᠠ ᠶᠢᠨ ᠵᠠᠰᠠᠭ ᠤᠨ | ᠣᠷᠳᠣᠨ ᠳᠤ ᠳᠠᠪᠳᠠᠨ ᠪᠠᠶᠢᠴᠠᠭᠠᠯᠭᠠᠵᠤ ᠳᠠᠬᠢᠨ ᠬᠢᠨᠠᠭᠤᠯᠬᠤ ᠭᠤᠶᠤᠴᠢᠯᠠᠯ ᠢ ᠬᠦᠯᠢᠶᠡᠨ ᠠᠪᠴᠤ ᠰᠢᠢᠳᠪᠦᠷᠢᠯᠡᠬᠦ ᠶᠢ | ᠬᠠᠷᠢᠭᠤᠴᠠᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠰᠤᠷᠪᠤᠯᠵᠢᠯᠠᠭ᠎ᠠ ᠶᠢ ᠬᠦᠯᠢᠶᠡᠨ ᠠᠪᠬᠤ | ᠠᠵᠢᠯ ᠢ ᠵᠢᠯᠣᠭᠤᠳᠤᠨ ᠪᠠᠶᠢᠴᠠᠭᠠᠨ᠎ᠠ᠃ | ᠤᠲᠠᠰᠤ᠄ 0474 - 8320315 | ︵ᠲᠦᠷᠪᠡ︶ ᠰᠦᠯᠵᠢᠶᠡᠨ ᠤ ᠵᠠᠬᠢᠳᠠᠯ ᠰᠤᠷᠪᠤᠯᠵᠢᠯᠠᠭ᠎ᠠ ᠶᠢᠨ ᠰᠠᠯᠠᠭ᠎ᠠ᠃ ᠠᠷᠠᠳ ᠢᠷᠭᠡᠨ᠂ ᠬᠠᠤᠯᠢ ᠶᠢᠨ | ᠬᠥᠮᠦᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠵᠠᠬᠢᠳᠠᠯ ᠤᠨ ᠬᠠᠶᠢᠷᠴᠠᠭ᠂ ᠬᠤᠲᠠ ᠶᠢᠨ | ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ ᠶᠢᠨ ᠫᠤᠷᠲ᠋ᠧᠯ ᠰᠦᠯᠵᠢᠶ᠎ᠡ ᠵᠡᠷᠭᠡ ᠰᠦᠯᠵᠢᠶᠡᠨ ᠤ ᠠᠷᠭ᠎ᠠ ᠵᠠᠮ ᠢᠶᠠᠷ | ᠳᠠᠮᠵᠢᠭᠤᠯᠤᠨ ᠳᠤᠷᠠᠳᠤᠭᠰᠠᠨ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠬᠦᠯᠢᠶᠡᠨ ᠠᠪᠴᠤ ᠰᠢᠢᠳᠪᠦᠷᠢᠯᠡᠬᠦ ᠶᠢ | ᠬᠠᠷᠢᠭᠤᠴᠠᠵᠤ᠂ ᠬᠤᠯᠪᠣᠭᠳᠠᠯ ᠪᠦᠬᠦᠢ ᠭᠠᠵᠠᠷ ᠣᠷᠣᠨ ᠪᠠ ᠰᠠᠯᠠᠭ᠎ᠠ ᠮᠥᠴᠢᠷ ᠲᠤ ᠳᠠᠮᠵᠢᠭᠤᠯᠤᠨ ᠬᠦᠷᠭᠡᠬᠦ᠂ | ᠲᠤᠰᠢᠶᠠᠨ ᠰᠢᠢᠳᠪᠦᠷᠢᠯᠡᠭᠦᠯᠬᠦ᠂ ᠰᠢᠮᠳᠠᠭᠤᠯᠤᠨ ᠰᠢᠢᠳᠪᠦᠷᠢᠯᠡᠭᠦᠯᠦᠨ᠎ᠡ᠃ ᠤᠯᠤᠰ᠂ ᠥᠪᠡᠷᠲᠡᠭᠡᠨ ᠵᠠᠰᠠᠬᠤ ᠣᠷᠣᠨ ᠤ | ᠵᠠᠬᠢᠳᠠᠯ ᠰᠣᠷᠪᠤᠯᠵᠢᠯᠠᠭ᠎ᠠ ᠶᠢᠨ ᠲᠣᠪᠴᠢᠶ᠎ᠠ ᠶᠢᠨ ᠳᠠᠮᠵᠢᠭᠤᠯᠤᠨ ᠬᠦᠷᠭᠡᠬᠦ᠂ ᠲᠤᠰᠢᠶᠠᠨ ᠭᠦᠢᠴᠡᠳᠬᠡᠯᠭᠡᠬᠦ | ᠰᠦᠯᠵᠢᠶᠡᠨ ᠤ ᠵᠠᠬᠢᠳᠠᠯ ᠰᠣᠷᠪᠤᠯᠵᠢᠯᠠᠭ᠎ᠠ ᠶᠢᠨ ᠵᠦᠢᠯᠡᠰ ᠢ ᠳᠠᠭᠠᠭᠠᠨ ᠭᠦᠶ᠋ᠴᠡᠳᠬᠡᠨ᠎ᠡ᠃ ᠰᠦᠯᠵᠢᠶᠡᠨ ᠤ ᠵᠠᠬᠢᠳᠠᠯ | ᠰᠤᠷᠪᠤᠯᠵᠢᠯᠠᠭ᠎ᠠ ᠶᠢᠨ ᠪᠠᠶᠢᠳᠠᠯ ᠢ ᠪᠦᠷᠢᠳᠬᠡᠨ ᠵᠠᠳᠠᠯᠬᠤ ᠶᠢᠨ ᠬᠠᠮᠲᠤ ᠰᠠᠨᠠᠯ ᠰᠠᠨᠠᠭᠤᠯᠭ᠎ᠠ ᠳᠤᠷᠠᠳᠤᠨ᠎ᠠ᠃ ᠪᠥᠬᠦ | ᠬᠤᠲᠠ ᠶᠢᠨ ᠵᠠᠬᠢᠳᠠᠯ ᠰᠤᠷᠪᠤᠯᠵᠢᠯᠠᠭ᠎ᠠ ᠶᠢᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠪᠠ ᠡᠯ᠎ᠡ ᠱᠠᠲᠤᠨ ᠤ ᠡᠯ᠎ᠡ | ᠲᠥᠷᠥᠯ ᠤᠨ ᠮᠡᠳᠡᠭᠡ ᠵᠠᠩᠭᠢ ᠶᠢᠨ ᠰᠢᠰᠲ᠋ᠧᠮ ᠤᠨ ᠠᠵᠢᠯᠯᠠᠭᠠᠨ᠂ ᠬᠠᠮᠢᠶᠠᠷᠤᠯᠲᠠ᠂ ᠬᠠᠮᠠᠭᠠᠯᠠᠯᠲᠠ᠂ ᠲᠤᠭ᠎ᠠ | ᠪᠠᠷᠢᠮᠲᠠ ᠶᠢᠨ ᠪᠦᠷᠢᠳᠬᠡᠯ᠂ ᠵᠢᠯᠣᠭᠤᠳᠣᠯᠭ᠎ᠠ ᠵᠢᠴᠢ ᠳᠡᠯᠭᠡᠷᠡᠭᠦᠯᠦᠨ ᠬᠡᠷᠡᠭᠯᠡᠬᠦ ᠠᠵᠢᠯ ᠢ ᠬᠠᠷᠢᠭᠤᠴᠠᠨ᠎ᠠ᠃ | ᠬᠤᠲᠠ ᠶᠢᠨ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ ᠶᠢᠨ ᠫᠣᠷᠲ᠋ᠧᠯ ᠰᠦᠯᠵᠢᠶ᠎ᠡ᠂ ᠸᠢᠴᠠᠲ ᠤᠨ ᠨᠡᠶᠢᠲᠡ ᠶᠢᠨ | ᠳ᠋ᠤᠭᠠᠷ ᠤᠨ ᠪᠠᠶᠢᠭᠤᠯᠤᠯᠲᠠ᠂ ᠬᠠᠮᠠᠭᠠᠯᠠᠯᠲᠠ ᠵᠢᠴᠢ ᠠᠭᠤᠯᠭ᠎ᠠ ᠶᠢ ᠰᠢᠨᠡᠳᠬᠡᠬᠦ᠂ ᠬᠦᠷᠭᠡᠬᠦ ᠠᠵᠢᠯ ᠢ ᠬᠠᠷᠢᠭᠤᠴᠠᠨ᠎ᠠ᠃ | ᠬᠤᠲᠠ ᠶᠢᠨ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ ᠶᠢᠨ ᠳᠣᠲᠣᠷ᠎ᠠ᠂ ᠭᠠᠳᠠᠨᠠᠬᠢ ᠰᠦᠯᠵᠢᠶᠡᠨ ᠤ ᠮᠡᠷᠭᠡᠵᠢᠯ ᠤᠨ | ᠳᠡᠮᠵᠢᠯᠭᠡ᠂ ᠰᠢᠯᠭᠠᠨ ᠦᠨᠡᠯᠡᠬᠦ᠂ ᠠᠮᠤᠷ ᠲᠦᠪᠰᠢᠨ᠂ ᠨᠢᠭᠤᠴᠠ ᠶᠢ ᠬᠠᠮᠠᠭᠠᠯᠠᠬᠤ᠂ ᠵᠢᠯᠣᠭᠤᠳᠬᠤ ᠵᠡᠷᠭᠡ ᠠᠵᠢᠯ ᠢ | ᠬᠠᠷᠢᠭᠤᠴᠠᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠰᠦᠯᠵᠢᠶᠡᠨ ᠤ ᠵᠠᠬᠢᠳᠠᠯ ᠰᠤᠷᠪᠤᠯᠵᠢᠯᠠᠭ᠎ᠠ ᠶᠢᠨ | ᠠᠵᠢᠯ ᠢ ᠵᠢᠯᠣᠭᠤᠳᠤᠨ ᠪᠠᠶᠢᠴᠠᠭᠠᠨ᠎ᠠ᠃ | ᠤᠲᠠᠰᠤ᠄ 0474 - 8323629 | ︵ᠲᠠᠪᠤ︶ ᠱᠠᠭᠠᠷᠳᠠᠨ ᠪᠠᠶᠢᠴᠠᠭᠠᠬᠤ ᠰᠠᠯᠠᠭ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠲᠥᠪ᠂ | ᠥᠪᠡᠷᠲᠡᠭᠡᠨ ᠵᠠᠰᠠᠬᠤ ᠣᠷᠣᠨ ᠵᠢᠴᠢ ᠬᠤᠲᠠ ᠶᠢᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠰᠢᠢᠳᠪᠦᠷᠢᠲᠦ | ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠭᠰᠠᠨ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ | ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠰᠢᠮᠳᠠᠭᠤᠯᠤᠨ ᠪᠠᠶᠢᠴᠠᠭᠠᠬᠤ ᠶᠢ | ᠬᠠᠷᠢᠭᠤᠴᠠᠨ᠎ᠠ᠃ ᠨᠠᠷᠢᠨ ᠪᠤᠳᠤᠯᠢᠶᠠᠨᠲᠠᠶ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠰᠢᠮᠳᠠᠭᠤᠯᠤᠨ ᠪᠠᠶᠢᠴᠠᠭᠠᠵᠤ | ᠰᠢᠮᠳᠠᠭᠤᠯᠤᠨ ᠰᠢᠢᠳᠪᠦᠷᠢᠯᠡᠨ᠎ᠡ᠃ ᠣᠨᠴᠠᠭᠠᠶ ᠬᠦᠴᠢᠷ ᠲᠦᠪᠡᠭᠲᠡᠶ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ | ᠰᠢᠢᠳᠪᠦᠷᠢᠯᠡᠬᠦ ᠪᠠᠯᠠ ᠮᠥᠩᠭᠦ ᠶᠢ ᠬᠠᠮᠢᠶᠠᠷᠤᠨ ᠬᠡᠷᠡᠭᠯᠡᠬᠦ ᠶᠢᠨ ᠬᠠᠮᠲᠤ ᠵᠣᠬᠢᠴᠠᠭᠤᠯᠤᠨ ᠵᠢᠯᠣᠭᠤᠳᠬᠤ ᠠᠵᠢᠯ ᠢ | ᠰᠠᠶᠢᠲᠤᠷ ᠬᠢᠨ᠎ᠠ᠃ ᠠᠵᠢᠯ ᠢᠶᠠᠨ ᠬᠠᠯᠠᠨ ᠰᠠᠶᠢᠵᠢᠷᠠᠭᠤᠯᠬᠤ᠂ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠬᠦ᠂ | ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠰᠠᠬᠢᠯᠭ᠎ᠠ ᠪᠠᠲᠤ ᠠᠴᠠ ᠵᠥᠷᠢᠴᠡᠭᠰᠡᠨ ᠬᠠᠷᠢᠭᠤᠴᠠᠯᠭ᠎ᠠ ᠨᠡᠬᠡᠮᠵᠢᠯᠡᠬᠦ ᠰᠠᠨᠠᠯ | ᠰᠠᠨᠠᠭᠤᠯᠭ᠎ᠠ ᠶᠢ ᠳᠤᠷᠠᠳᠤᠨ᠎ᠠ᠃ ᠭᠠᠵᠠᠷ ᠣᠷᠣᠨ ᠠᠯᠤᠰᠯᠠᠭᠰᠠᠨ᠂ ᠰᠠᠯᠠᠭ᠎ᠠ ᠮᠥᠴᠢᠷ ᠠᠯᠤᠰᠯᠠᠭᠰᠠᠨ᠂ ᠠᠵᠢᠯ | ᠲᠥᠷᠥᠯ ᠠᠯᠤᠰᠯᠠᠭᠰᠠᠨ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠵᠣᠬᠢᠴᠠᠭᠤᠯᠤᠨ ᠰᠢᠮᠳᠠᠭᠤᠯᠤᠨ | ᠰᠢᠢᠳᠪᠦᠷᠢᠯᠡᠬᠦ ᠶᠢ ᠬᠠᠷᠢᠭᠤᠴᠠᠨ᠎ᠠ᠃ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠬᠠᠷᠠᠯᠲᠠᠲᠤ ᠬᠠᠮᠢᠶᠠᠷᠤᠯᠲᠠ ᠶᠢᠨ | ᠬᠢᠨᠠᠨ ᠰᠢᠯᠭᠠᠬᠤ ᠠᠵᠢᠯ ᠢ ᠡᠭᠦᠷᠭᠡᠯᠡᠨ᠎ᠡ᠃ ᠵᠠᠬᠢᠳᠠᠯ ᠰᠣᠷᠪᠤᠯᠵᠢᠯᠠᠭ᠎ᠠ ᠶᠢᠨ ᠠᠰᠠᠭᠤᠳᠠᠯ ᠢ ᠵᠢᠭᠰᠠᠭᠠᠨ ᠪᠠᠶᠢᠴᠠᠭᠠᠵᠤ | ᠠᠷᠢᠯᠭᠠᠬᠤ ᠳᠦᠷᠢᠮ ᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠡᠯ᠎ᠡ | ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠵᠠᠬᠢᠳᠠᠯ ᠰᠤᠷᠪᠤᠯᠵᠢᠯᠠᠭ᠎ᠠ ᠶᠢ ᠰᠢᠮᠳᠠᠭᠤᠯᠤᠨ ᠪᠠᠶᠢᠴᠠᠭᠠᠵᠤ | ᠰᠢᠮᠳᠠᠭᠤᠯᠤᠨ ᠰᠢᠢᠳᠪᠦᠷᠢᠯᠡᠭᠦᠯᠬᠦ ᠠᠵᠢᠯ ᠢ ᠵᠢᠯᠣᠭᠤᠳᠤᠨ ᠪᠠᠶᠢᠴᠠᠭᠠᠨ᠎ᠠ᠃ | ᠤᠲᠠᠰᠤ᠄ 0474 - 8327573 | ᠪᠠᠶᠢᠭᠤᠯᠭ᠎ᠠ ᠶᠢᠨ ᠨᠠᠮ ᠤᠨ ᠡᠭᠦᠷ᠃ ᠪᠠᠶᠢᠭᠤᠯᠭ᠎ᠠ ᠪᠣᠯᠤᠨ ᠬᠠᠷᠢᠶ᠎ᠠ ᠨᠢᠭᠡᠴᠢ ᠶᠢᠨ ᠢᠶᠠᠨ ᠨᠠᠮ ᠪᠠ ᠣᠯᠠᠨ | ᠲᠦᠮᠡᠨ᠂ ᠰᠠᠬᠢᠯᠭ᠎ᠠ ᠪᠠᠲᠤ ᠪᠠᠶᠢᠴᠠᠭᠠᠬᠤ ᠵᠡᠷᠭᠡ ᠠᠵᠢᠯ ᠢ ᠬᠠᠷᠢᠭᠤᠴᠠᠨ᠎ᠠ᠃ | | | ᠬᠠᠷᠢᠯᠴᠠᠬᠤ ᠤᠲᠠᠰᠤ᠄ 0474 - 8326507 | ᠪᠠᠶᠢᠭᠤᠯᠭ᠎ᠠ ᠶᠢᠨ ᠬᠠᠶ᠋ᠢᠭ᠄ ᠤᠯᠠᠭᠠᠨᠴᠠᠪ ᠬᠤᠲᠠ ᠶᠢᠨ ᠰᠢᠨ᠎ᠡ ᠲᠣᠭᠤᠷᠢᠭ ᠤᠨ ᠶᠦᠩ ᠠᠨ ᠵᠠᠮ ᠤᠨ | ᠪᠡᠶ᠎ᠡ ᠶᠢᠨ ᠲᠠᠮᠢᠷ ᠤᠨ ᠲᠠᠯᠠᠪᠠᠶ ᠶᠢᠨ ᠪᠠᠷᠠᠭᠤᠨ ᠲᠠᠯ᠎ᠠ | ᠠᠯᠪᠠᠯᠠᠬᠤ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ 9᠄ 00-12᠄ 00᠂ 14᠄ | 30-18᠄ 00 | ᠢᠮᠧᠯ᠄ wlcbsxfj@163.com | ᠬᠠᠷᠢᠭᠤᠴᠠᠯᠭᠠᠲᠠᠨ᠄ ᠶᠠᠨ ᠹᠦ᠋ | | | ᠣᠷᠴᠢᠭᠤᠯᠤᠭᠴᠢ᠄ ᠭᠤᠸ᠎ᠠ | ᠬᠢᠨᠠᠭᠴᠢ᠄ ᠠᠷᠢᠭᠤᠨ | | |